ᠲᠦᠷᠺ  ᠦᠨ ᠡᠯᠴᠢᠨ ᠲᠠᠢ ᠠᠭᠤᠯᠵᠠᠯ᠎ᠠ | News.MN

ᠲᠦᠷᠺ  ᠦᠨ ᠡᠯᠴᠢᠨ ᠲᠠᠢ ᠠᠭᠤᠯᠵᠠᠯ᠎ᠠ

 

ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠪᠦᠭᠦᠳᠡ ᠨᠠᠶᠢᠷᠠᠮᠳᠠᠬᠤ ᠲᠦᠷᠺ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠵᠠᠹᠧᠷ ᠠᠲᠸᠱ ᠢ ᠬᠦᠯᠢᠶᠡᠨ ᠠᠪᠴᠤ ᠠᠭᠤᠯᠵᠠᠯ᠎ᠠ᠃ ᠭ∙ᠽᠠᠨᠳᠠᠨᠰᠢᠲᠠᠷ᠎ᠠ ᠮᠣᠩᠭᠣᠯ ᠤᠯᠤᠰ ᠤᠨ 《ᠭᠤᠷᠪᠠᠳᠠᠭᠴᠢ ᠬᠥᠷᠰᠢ》 ᠪᠦᠭᠦᠳᠡ ᠨᠠᠶᠢᠷᠠᠮᠳᠠᠬᠤ ᠲᠦᠷᠺ ᠤᠯᠤᠰ ᠲᠠᠢ ᠲᠣᠭᠲᠠᠭᠠᠭᠰᠠᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠢᠵᠢ ᠪᠦᠷᠢᠨ ᠲᠦᠩᠰᠢᠯᠡᠯ ᠦᠨ ᠲᠦᠪᠰᠢᠨ ᠳᠦ ᠭᠦᠨᠵᠡᠭᠡᠶᠢᠷᠡᠨ ᠬᠥᠭᠵᠢᠵᠦ ᠪᠠᠶᠢᠭ᠎ᠠ ᠶᠢ ᠲᠡᠮᠳᠡᠭᠯᠡᠵᠦ᠂ ᠬᠣᠶᠠᠷ ᠤᠯᠤᠰ ᠤᠨ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠶᠢ ᠨᠡᠮᠡᠬᠦ ᠴᠢᠯᠦᠭᠡᠲᠦ ᠪᠥᠰᠡ ᠶᠢᠨ ᠰᠠᠯᠪᠤᠷᠢ ᠳᠤ ᠬᠠᠮᠲᠤᠷᠠᠨ ᠠᠵᠢᠯᠯᠠᠬᠤ ᠪᠣᠯᠤᠨ ᠨᠡᠶᠢᠭᠡᠮ ᠤᠨ ᠬᠠᠮᠠᠭᠠᠯᠠᠯ ᠤᠨ ᠰᠠᠯᠪᠤᠷᠢ ᠶᠢᠨ ᠬᠠᠮᠲᠤ ᠶᠢᠨ ᠠᠵᠢᠯᠯᠠᠭᠠᠨ ᠤ ᠭᠡᠷ᠎ᠡ ᠬᠡᠯᠡᠯᠴᠡᠭᠡᠷ ᠢ ᠪᠠᠶᠢᠭᠤᠯᠤᠭᠰᠠᠨ ᠨᠢ ᠴᠢᠬᠤᠯᠠ ᠠᠴᠢ ᠬᠣᠯᠪᠣᠭᠳᠠᠯ ᠲᠠᠢ ᠭᠡᠯ᠎ᠡ᠃
ᠡᠯᠴᠢᠨ ᠰᠠᠶᠢᠳ ᠵᠠᠹᠧᠷ ᠠᠲ᠋ᠧᠱ ᠤᠯᠠᠮᠵᠢᠯᠠᠯᠲᠤ ᠨᠠᠶᠢᠷᠰᠠᠭ ᠬᠠᠷᠢᠯᠴᠠᠭ᠎ᠠ ᠲᠠᠢ ᠮᠣᠩᠭᠣᠯ ᠤᠯᠤᠰ ᠲᠤ ᠡᠯᠴᠢᠨ ᠰᠠᠶᠢᠳ ᠢᠶᠠᠷ ᠲᠣᠮᠢᠯᠠᠭᠳᠠᠭᠰᠠᠨ ᠳᠤ ᠪᠠᠨ ᠪᠠᠶᠠᠷ ᠲᠠᠢ ᠪᠠᠶᠢᠨ᠎ᠠ ᠭᠡᠳ ᠬᠣᠶᠠᠷ ᠤᠯᠤᠰ ᠤᠨ ᠬᠠᠮᠲᠤ ᠶᠢᠨ ᠠᠵᠢᠯᠯᠠᠭ᠎ᠠ ᠶᠢ ᠠᠶᠠᠯᠠᠯ ᠵᠢᠭᠤᠯᠴᠢᠯᠠᠯ᠂ ᠬᠤᠳᠠᠯᠳᠤᠭ᠎ᠠ᠂ ᠬᠥᠳᠡᠭᠡ ᠠᠵᠤ ᠠᠬᠤᠢ᠂ ᠲᠡᠦᠬᠡ᠂ ᠰᠤᠶᠤᠯ ᠤᠨ ᠰᠠᠯᠪᠤᠷᠢ ᠳᠤ ᠥᠷᠭᠡᠵᠢᠭᠦᠯᠦᠨ ᠬᠥᠭᠵᠢᠭᠦᠯᠬᠦ ᠴᠢᠭᠯᠡᠯ ᠳᠦ ᠢᠳᠡᠪᠬᠢᠲᠡᠢ ᠠᠵᠢᠯᠯᠠᠬᠤ ᠪᠠᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ