ᠬᠥᠯ ᠪᠥᠮᠪᠥᠭᠡ ᠶ᠋ᠢᠨ ᠬᠤᠯᠪᠤᠭᠠᠨ ᠤ ᠬᠤᠷᠠᠯ ᠴᠠᠬᠢᠮ ᠢᠶᠠᠷ ᠪᠤᠯᠤᠯ᠎ᠠ | News.MN

ᠬᠥᠯ ᠪᠥᠮᠪᠥᠭᠡ ᠶ᠋ᠢᠨ ᠬᠤᠯᠪᠤᠭᠠᠨ ᠤ ᠬᠤᠷᠠᠯ ᠴᠠᠬᠢᠮ ᠢᠶᠠᠷ ᠪᠤᠯᠤᠯ᠎ᠠ

 

ᠣᠯᠠᠨ ᠤᠯᠤᠰ ᠤᠨ ᠬᠥᠯ ᠪᠥᠮᠪᠥᠭᠡ ᠶ᠋ᠢᠨ ᠬᠤᠯᠪᠤᠭᠠᠨ ᠤ 71 ᠳ᠋ᠡᠬᠢ ᠤᠳᠠᠭᠠᠨ ᠤ ᠶᠡᠬᠡ ᠬᠤᠷᠠᠯ ᠴᠠᠬᠢᠮ ᠬᠡᠯᠪᠡᠷᠢ ᠪᠡᠷ ᠪᠣᠯᠵᠤ ᠬᠡᠳᠦ ᠬᠡᠳᠦᠨ ᠴᠢᠬᠤᠯᠠ ᠠᠰᠠᠭᠤᠳᠠᠯ  ᠢ ᠬᠡᠯᠡᠯᠴᠡᠯ᠎ᠡ ᠃ ᠲᠤᠬᠠᠶᠢᠯᠠᠪᠠᠯ ᠡᠮᠡᠭᠲᠡᠶᠢᠴᠦᠳ  ᠤᠨ ᠳᠡᠯᠡᠬᠡᠢ ᠶ᠋ᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ ᠵᠣᠬᠢᠶᠠᠨ ᠪᠠᠶᠢᠭᠤᠯᠤᠭᠴᠢ ᠣᠷᠣᠨ ᠢ ᠣᠯᠠᠨ ᠤᠯᠤᠰ ᠤᠨ ᠬᠥᠯ ᠪᠥᠮᠪᠥᠭᠡ ᠶ᠋ᠢᠨ ᠬᠤᠯᠪᠤᠭᠠᠨ ᠤ ᠵᠥᠪᠯᠡᠯ  ᠤᠨ ᠰᠠᠨᠠᠯ ᠢᠶᠠᠷ ᠰᠣᠩᠭᠣᠳᠠᠭ ᠪᠣᠯᠬᠤ ᠪᠣᠯᠣᠮᠵᠢ ᠶᠢ ᠬᠡᠯᠡᠯᠴᠡᠭᠰᠡᠨ ᠪᠠᠶᠢᠨ᠎ᠠ ᠃ ᠲᠡᠭᠦᠨᠴᠢᠯᠡᠨ ᠢᠷᠡᠭᠡᠳᠦᠢ ᠳ᠋ᠥ ᠡᠮᠡᠭᠲᠡᠶᠢᠴᠦᠳ  ᠤᠨ ᠳᠡᠯᠡᠬᠡᠢ ᠶ᠋ᠢᠨ ᠠᠪᠤᠷᠭᠤ ᠰᠢᠯᠭᠠᠷᠠᠭᠤᠯᠬᠤ ᠲᠡᠮᠡᠴᠡᠭᠡᠨ ‍ᠥ ᠤᠷᠢᠳᠴᠢᠯᠠᠭᠰᠠᠨ ᠱᠠᠲᠤᠨ ᠳᠤ 140 ᠪᠢᠰᠢ 180 ᠭᠠᠷᠤᠢ ᠤᠯᠤᠰ ᠤᠨ ᠡᠮᠡᠭᠲᠡᠶᠢᠴᠦᠳ ᠤᠨ ᠰᠢᠭᠰᠢᠭᠡ ᠶ᠋ᠢ ᠥᠷᠢᠰᠦᠯᠳᠦᠭᠦᠯᠬᠦ ᠲᠠᠯ᠎ᠠ ᠪᠡᠷ ᠳᠤᠷᠠᠳᠴᠠᠢ ᠃

ᠮᠥᠨ ︽ ᠪᠦᠬᠦ ᠠᠪᠢᠶᠠᠰ ᠴᠢᠳᠠᠪᠤᠷᠢ ᠳᠤ ᠪᠣᠯᠣᠮᠵᠢ ᠣᠯᠭᠣᠨ᠎ᠠ ︾ᠨᠡᠷ᠎ᠡ ᠲᠠᠢ ᠬᠥᠲᠥᠯᠪᠦᠷᠢ ᠶ᠋ᠢ ᠭᠡᠰᠢᠭᠦᠨ ᠬᠤᠯᠪᠤᠭᠠᠳ ᠢᠶᠠᠷ ᠢᠶᠠᠨ ᠳᠠᠮᠵᠢᠭᠤᠯᠤᠨ ᠵᠠᠯᠠᠭᠤ ᠬᠥᠯ ᠪᠥᠮᠪᠥᠭᠡᠴᠢᠳ ᠦᠨ ᠳᠤᠮᠳᠠ ᠬᠡᠷᠡᠭᠵᠢᠭᠦᠯᠬᠦ ᠭᠡᠨ᠎ᠡ ᠃ ᠡᠴᠦᠰ ᠲᠥ ᠨᠢ ᠳᠣᠪᠲᠣᠯᠭᠠᠨ ᠤ ᠬᠥᠯ ᠪᠥᠮᠪᠥᠭᠡ ᠶ᠋ᠢ ᠳᠡᠮᠵᠢᠬᠦ ᠡᠭᠦᠳᠡᠨ ᠡᠴᠡ ᠤᠲᠤᠬᠤ ᠲᠣᠭᠯᠠᠯᠲᠠ ᠶ᠋ᠢᠨ ᠳᠦᠷᠢᠮ ᠳ᠋ᠥ ᠥᠭᠡᠷᠡᠴᠢᠯᠡᠯᠲᠡ ᠣᠷᠣᠭᠤᠯᠬᠤ ᠲᠠᠯ᠎ᠠ ᠪᠡᠷ ᠬᠡᠯᠡᠯᠴᠡᠭᠰᠡᠨ ᠪᠠᠶᠢᠨ᠎ᠠ ᠃ ᠡᠨᠡ ᠵᠢᠱᠢᠭ ᠦᠨ ᠳᠠᠭᠠᠤ ᠮᠣᠩᠭᠣᠯ ᠤᠨ ᠬᠥᠯ ᠪᠥᠮᠪᠥᠭᠡ ᠶ᠋ᠢᠨ ᠬᠣᠯᠪᠣᠭ᠎ᠠ ᠢᠷᠡᠬᠦ ᠵᠢᠷᠭᠤᠳᠤᠭᠠᠷ ᠰᠠᠷ᠎ᠠ ᠶ᠋ᠢᠨ 14 ᠳ᠋ᠥ ᠡᠭᠡᠯᠵᠢᠲᠦ ᠶᠡᠬᠡ ᠬᠤᠷᠠᠯ ᠢᠶᠠᠨ ᠴᠠᠬᠢᠮ ᠬᠡᠯᠪᠡᠷᠢ ᠪᠡᠷ ᠵᠣᠬᠢᠶᠠᠨ ᠪᠠᠶᠢᠭᠤᠯᠬᠤ ᠪᠡᠷ ᠪᠣᠯᠣᠭᠠᠳ ᠪᠠᠶᠢᠭ᠎ᠠ ᠪᠢᠯᠡ ᠃

ᠰᠡᠳᠬᠢᠭᠳᠡᠯ ᠦᠯᠡᠳᠡᠭᠡᠬᠦ