︽ ᠪᠠᠶᠢᠭᠠᠯᠢ ᠪᠠᠨ ᠬᠠᠮᠠᠭᠠᠯᠠᠶ᠎ᠠ︾ᠰᠡᠳᠦᠪᠲᠦ ᠤᠷᠤᠯᠳᠤᠭᠠᠨ ᠤ ᠰᠢᠯᠢᠳᠡᠭ ᠦᠳ ᠰᠢᠯᠭᠠᠷᠠᠵᠠᠢ | News.MN

 ︽ ᠪᠠᠶᠢᠭᠠᠯᠢ ᠪᠠᠨ ᠬᠠᠮᠠᠭᠠᠯᠠᠶ᠎ᠠ︾ᠰᠡᠳᠦᠪᠲᠦ ᠤᠷᠤᠯᠳᠤᠭᠠᠨ ᠤ ᠰᠢᠯᠢᠳᠡᠭ ᠦᠳ ᠰᠢᠯᠭᠠᠷᠠᠵᠠᠢ

 

ᠬᠣᠪᠲᠤ ᠠᠶᠢᠮᠠᠭ ᠤᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶ᠋ᠢᠨ 5- 12 ᠳ᠋ᠤᠭᠠᠷ ᠠᠩᠭᠢ ᠶ᠋ᠢᠨ ᠰᠤᠷᠤᠭᠴᠢᠳ ᠤᠨ ᠳᠤᠮᠳᠠ 10 ᠬᠣᠨᠣᠭ ᠤᠨ ᠬᠤᠭᠤᠴᠠᠭ᠎ᠠ ᠲᠠᠢ ︽ ᠪᠠᠶᠢᠭᠠᠯᠢ ᠪᠠᠨ ᠬᠠᠮᠠᠭᠠᠯᠠᠶ᠎ᠠ ︾ᠰᠡᠳᠦᠪᠲᠦ ᠭᠠᠷ ᠵᠢᠷᠤᠭ ᠤᠨ ᠤᠷᠤᠯᠳᠤᠭᠠᠨ ᠵᠠᠷᠯᠠᠵᠤ ᠂ ᠥᠨᠥᠳᠥᠷ ᠳ᠋ᠦᠩᠨᠡᠯ᠎ᠡ ᠃ ᠬᠦᠷᠢᠶᠡᠯᠡᠨ ᠪᠤᠢ ᠣᠷᠴᠢᠨ ᠤ ᠡᠰᠡᠷᠭᠦ ᠭᠡᠮᠲᠦ ᠬᠡᠷᠡᠭ ᠂ ᠵᠥᠷᠢᠴᠡᠯ ᠡᠴᠡ ᠤᠷᠢᠳᠴᠢᠯᠠᠨ ᠰᠡᠷᠭᠡᠶᠢᠯᠡᠬᠦ ᠂ ᠢᠷᠭᠡᠳ ᠂ ᠣᠯᠠᠨ ᠨᠡᠶᠢᠲᠡ ᠶ᠋ᠢᠨ ᠡᠷᠬᠡ ᠵᠦᠢ ᠶ᠋ᠢᠨ ᠮᠡᠳᠡᠯᠭᠡ ᠣᠶᠢᠯᠠᠭᠠᠯᠲᠠ ᠶ᠋ᠢ ᠳᠡᠭᠡᠭᠰᠢᠯᠡᠭᠦᠯᠬᠦ ᠂ ᠰᠣᠶᠣᠨ ᠭᠡᠭᠡᠷᠡᠭᠦᠯᠬᠦ ᠵᠣᠷᠢᠯᠭ᠎ᠠ ᠪᠦᠬᠦᠢ ᠲᠤᠰ ᠤᠷᠤᠯᠳᠤᠭᠠᠨ ᠳᠤ ᠬᠣᠪᠲᠤ ᠠᠶᠢᠮᠠᠭ ᠤᠨ ᠠᠯᠲᠠᠢ ᠂ ᠪᠤᠯᠠᠭᠠᠨ ᠂ ᠬᠣᠪᠲᠤ ᠂ ᠦᠶᠡᠨᠴᠢ ᠂ ᠮᠠᠩᠬᠠᠨ ᠂ ᠵᠡᠷᠭᠡ ᠂ ᠳᠠᠷᠪᠢ ᠂ ᠵᠢᠷᠭᠠᠯᠠᠩᠲᠤ ᠂ ᠪᠤᠶᠠᠨᠲᠤ ᠰᠤᠮᠤ ᠶ᠋ᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶ᠋ᠢᠨ 53 ᠰᠤᠷᠤᠭᠴᠢ ᠶ᠋ᠢᠨ 58 ᠪᠦᠲᠦᠭᠡᠯ ᠢᠷᠡᠭᠰᠡᠨ ᠪᠠᠶᠢᠨ᠎ᠠ ᠃

ᠤᠯᠠᠮ ᠢᠶᠠᠷ ᠲᠡᠷᠢᠭᠦᠨ ᠪᠠᠶᠢᠷᠢ  ᠳᠤ ᠨᠢᠭᠡᠳᠦᠭᠡᠷ ᠰᠤᠷᠭᠠᠭᠤᠯᠢ ᠶ᠋ᠢᠨ 8 ᠪ ᠠᠩᠭᠢ ᠶ᠋ᠢᠨ ᠰᠤᠷᠤᠭᠴᠢ ᠬ᠊ · ᠬᠦ᠋ᠰᠡᠯᠡᠩ ᠂ ᠬᠣᠶᠠᠳᠤᠭᠠᠷ ᠪᠠᠶᠢᠷᠢ ᠳᠤ ᠮᠠᠩᠬᠠᠨ ᠰᠤᠮᠤ ᠶ᠋ᠢᠨ ᠰᠤᠷᠭᠠᠭᠤᠯᠢ ᠶ᠋ᠢᠨ 12 ᠪ ᠠᠩᠭᠢ ᠶ᠋ᠢᠨ ᠰᠤᠷᠤᠭᠴᠢ ᠪ᠊ · ᠤᠳᠤᠭᠡᠷᠡᠯ ᠂ ᠭᠤᠷᠪᠠᠳᠤᠭᠠᠷ ᠪᠠᠶᠢᠷᠢ ᠳᠤ ᠵᠡᠷᠭᠡ ᠰᠤᠮᠤ ᠶ᠋ᠢᠨ ᠰᠤᠷᠭᠠᠭᠤᠯᠢ ᠶ᠋ᠢᠨ 7  ᠠ ᠠᠩᠭᠢ ᠶ᠋ᠢᠨ ᠰᠤᠷᠤᠭᠴᠢ ᠨ᠊ · ᠨᠠᠮᠤᠭᠤᠨ ᠰᠢᠯᠭᠠᠷᠠᠵᠠᠢ ᠃

ᠰᠡᠳᠬᠢᠭᠳᠡᠯ ᠦᠯᠡᠳᠡᠭᠡᠬᠦ