ᠮᠣᠩᠭᠣᠯ ᠤᠨ ᠪᠣᠺᠰ  ᠠᠩᠬ᠎ᠠ ᠤᠳᠠᠭ᠎ᠠ ᠡᠮᠡᠭᠲᠡᠢ ᠭᠠᠪᠢᠶᠠᠲᠤ ᠲᠠᠢ ᠪᠣᠯᠣᠯ᠎ᠠ | News.MN

ᠮᠣᠩᠭᠣᠯ ᠤᠨ ᠪᠣᠺᠰ  ᠠᠩᠬ᠎ᠠ ᠤᠳᠠᠭ᠎ᠠ ᠡᠮᠡᠭᠲᠡᠢ ᠭᠠᠪᠢᠶᠠᠲᠤ ᠲᠠᠢ ᠪᠣᠯᠣᠯ᠎ᠠ

 

ᠮᠣᠩᠭᠣᠯ ᠤᠨ ᠪᠣᠺᠰ 73 ᠵᠢᠯ  ᠤᠨ ᠲᠡᠦᠬᠡᠨ ᠳ᠋ᠥ ᠪᠠᠨ ᠠᠩᠬ᠎ᠠ ᠤᠳᠠᠭ᠎ᠠ ᠡᠮᠡᠭᠲᠡᠢ ᠭᠠᠪᠢᠶᠠᠲᠤ ᠲᠠᠮᠢᠷᠴᠢᠨ ᠲᠠᠢ ᠪᠣᠯᠣᠯ᠎ᠠ ᠃ ᠲᠣᠳᠣᠷᠠᠭᠤᠯᠪᠠᠯ ᠮ᠊ · ᠨᠠᠨᠳᠢᠨᠴᠡᠴᠡᠭ ᠮᠣᠩᠭᠣᠯ ᠤᠯᠤᠰ ᠤᠨ ᠶᠡᠷᠦᠩᠬᠡᠶᠢᠯᠡᠭᠴᠢ ᠶ᠋ᠢᠨ ᠵᠠᠷᠯᠢᠭ ᠢᠶᠠᠷ ᠭᠠᠪᠢᠶᠠᠲᠤ ᠲᠠᠮᠢᠷᠴᠢᠨ ᠴᠣᠯᠠ ᠲᠡᠮᠳᠡᠭ ᠢᠶ᠋ᠡᠷ ᠱᠠᠩᠨᠠᠭᠳᠠᠪᠠ ᠃ ᠲᠡᠷᠡ ᠪᠡᠷ ᠪᠣᠺᠰ ᠤᠨ ᠰᠫᠣᠷᠲ ᠢᠶᠠᠷ 15 ᠵᠢᠯ  ᠤᠨ ᠲᠤᠷᠰᠢ ᠲᠠᠰᠤᠷᠠᠯᠲᠠ ᠦᠭᠡᠢ ᠬᠢᠴᠢᠶᠡᠯᠯᠡᠬᠦ ᠳ᠋ᠡᠬᠡᠨ ᠵᠢᠯ ᠡᠴᠡ ᠵᠢᠯ ᠳ᠋ᠥ ᠠᠮᠵᠢᠯᠲᠠ ᠥᠭᠡᠳᠡ ᠲᠡᠮᠡᠤᠯᠵᠤ᠂ ᠮᠣᠩᠭᠣᠯ ᠤᠯᠤᠰ ᠤᠨ ᠨᠠᠰᠤᠨ ᠳᠦ ᠬᠦᠷᠦᠭᠰᠡᠳ ᠦᠨ 11 ᠤᠳᠠᠭ᠎ᠠ ᠶᠢᠨ ᠱᠠᠩᠨᠠᠯ ᠂ ᠺᠠᠽᠠᠭᠰᠲ᠋ᠠᠨ ᠂ ᠢᠨᠳᠤᠨᠧᠰᠢᠶ᠎ᠠ ᠂  ᠲᠠᠢᠸᠠᠨ ᠂ ᠬᠢᠲᠠᠳ ᠂ ᠣᠷᠣᠰ ᠲᠤ  ᠤᠯᠠᠮᠵᠢᠯᠠᠯ ᠪᠣᠯᠭᠠᠨ ᠵᠣᠬᠢᠶᠠᠭᠳᠠᠳᠠᠭ ᠣᠯᠠᠨ ᠤᠯᠤᠰ ᠤᠨ ᠠ ᠵᠡᠷᠭᠡᠯᠡᠯ ᠦᠨ ᠲᠡᠮᠡᠴᠡᠭᠡᠨ ᠡᠴᠡ ᠠᠯᠲᠠ ᠂ ᠮᠥᠩᠭᠥ ᠂ ᠬᠦᠷᠡᠯ ᠮᠧᠳᠠᠯ ᠬᠦᠷᠲᠡᠭᠰᠡᠨ ᠶᠤᠮ ᠃

ᠮᠥᠨ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠲᠤ ᠵᠣᠬᠢᠶᠠᠨ ᠪᠠᠶᠢᠭᠤᠯᠤᠭᠳᠠᠭᠰᠠᠨ ︽ ᠢᠨᠴᠤᠨ- 2014︾ᠠᠽᠢᠶ᠎ᠠ ᠶ᠋ᠢᠨ ᠨᠠᠭᠠᠳᠤᠮ ᠡᠴᠠ ᠬᠦᠷᠡᠯ ᠂ 2015 ᠂ 2017 ᠂ 2019 ᠣᠨ ᠳᠤ ᠵᠣᠬᠢᠶᠠᠭᠳᠠᠭᠰᠠᠨ ᠠᠽᠢᠶ᠎ᠠ ᠲᠢᠪ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠡᠴᠡ ᠬᠦᠷᠡᠯ ᠂ 2010 ᠣᠨ ᠳᠤ ᠺᠠᠽᠠᠭᠰᠲ᠋ᠠᠨ  ᠳᠤ ᠪᠣᠯᠣᠭᠰᠠᠨ ᠠᠽᠢᠶ᠎ᠠ ᠲᠢᠪ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠪᠣᠯᠣᠨ 2013 ᠣᠨ ᠳᠤ ᠣᠷᠣᠰ  ᠲᠤ ᠪᠣᠯᠣᠭᠰᠠᠨ ᠳᠡᠯᠡᠬᠡᠢ ᠶ᠋ᠢᠨ ᠴᠣᠮᠣ ᠶ᠋ᠢᠨ ᠲᠡᠮᠡᠴᠡᠭᠡᠨ ᠤ ᠮᠥᠩᠭᠥᠨ ᠮᠧᠳᠠᠯ ᠬᠦᠷᠲᠡᠭᠰᠡᠨ ᠪᠢᠯᠡ ᠃ ᠡᠨᠡᠳᠬᠡᠭ ᠤᠯᠤᠰ ᠤᠨ ᠰᠢᠨ᠎ᠡ ᠳ᠋ᠧᠯᠢ ᠬᠣᠲᠠᠨ᠎ᠠ 2018 ᠣᠨ ᠳᠤ ᠵᠣᠬᠢᠶᠠᠨ ᠪᠠᠶᠢᠭᠤᠯᠤᠭᠳᠠᠭᠰᠠᠨ ᠠᠷᠪᠠᠳᠤᠭᠠᠷ ᠤᠳᠠᠭᠠᠨ ᠤ ᠡᠮᠡᠭᠲᠡᠶᠢᠴᠦᠳ ᠤᠨ ᠨᠠᠰᠤᠨ ᠳᠤ ᠬᠦᠷᠦᠭᠰᠡᠳ ᠦᠨ ᠳᠡᠯᠡᠬᠡᠢ ᠶ᠋ᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠡᠴᠡ ᠬᠦᠷᠡᠯ ᠮᠧᠳᠠᠯ ᠬᠦᠷᠲᠡᠭᠰᠡᠨ ‍ᠢᠶ᠋ᠡᠷ ‍ᠢᠶ᠋ᠡᠨ ᠮᠣᠩᠭᠣᠯ ᠤᠨ ᠡᠮᠡᠭᠲᠡᠢ ᠪᠣᠺᠰᠴᠢᠳ ᠡᠴᠠ ᠠᠩᠬᠠᠨ ᠤ ᠮᠸᠳᠠᠯ ᠢ ᠡᠬᠡ ᠣᠷᠣᠨ ᠳᠤ ᠪᠠᠨ ᠠᠪᠴᠢᠷᠠᠭᠰᠠᠨ ᠶᠤᠮ ᠃

ᠰᠡᠳᠬᠢᠭᠳᠡᠯ ᠦᠯᠡᠳᠡᠭᠡᠬᠦ