ᠢᠷᠭᠡᠳ ᠦᠨ ᠵᠢᠭᠡᠯᠡ ᠶᠢᠨ ᠬᠡᠮᠵᠢᠶ᠎ᠡ 2.2 ᠬᠤᠪᠢ ᠪᠠᠷ ᠥᠰᠴᠠᠢ | News.MN

ᠢᠷᠭᠡᠳ ᠦᠨ ᠵᠢᠭᠡᠯᠡ ᠶᠢᠨ ᠬᠡᠮᠵᠢᠶ᠎ᠡ 2.2 ᠬᠤᠪᠢ ᠪᠠᠷ ᠥᠰᠴᠠᠢ

 

ᠠᠷᠠᠯᠵᠢᠶᠠᠨ ᠤ ᠪᠠᠩᠬᠢ ᠨᠤᠭᠤᠳ ᠠᠴᠠ ᠢᠷᠭᠡᠳ ᠦᠨ ᠠᠪᠤᠭᠰᠠᠨᠵᠢᠭᠡᠯᠡ ᠶᠢᠨ ᠬᠡᠮᠵᠢᠶ᠎ᠡ ᠥᠩᠭᠡᠷᠡᠭᠰᠡᠨ ᠳᠥᠷᠪᠡᠳᠦᠭᠡᠷ ᠰᠠᠷ᠎ᠠ ᠳᠤ 2.2 ᠬᠤᠪᠢ ᠪᠠᠷ ᠥᠰᠴᠠᠢ᠃ ᠬᠠᠷᠢᠨ ᠪᠠᠶᠢᠭᠤᠯᠤᠯᠭ᠎ᠠ ᠨᠤᠭᠤᠳ ᠤᠨ ᠠᠪᠤᠭᠰᠠᠨ  ᠵᠢᠭᠡᠯᠡ ᠶᠢᠨ ᠬᠡᠮᠵᠢᠶ᠎ᠡ ᠵᠢᠯ ᠦᠨ ᠳ᠋ᠦᠩ ᠢᠶᠡᠷ 0.5 ᠬᠤᠪᠢ ᠪᠠᠷ ᠪᠠᠭᠤᠷᠠᠭᠰᠠᠨ ᠪᠠᠶᠢᠨ᠎ᠠ᠃ ᠡᠨᠡ ᠬᠤᠭᠤᠴᠠᠭᠠᠨ ᠳᠤ ᠠᠷᠠᠯᠵᠢᠶᠠᠨ ᠤ ᠪᠠᠩᠬᠢᠨ ᠨᠤᠭᠤᠳ ᠤᠨ ᠵᠢᠭᠡᠯᠡ ᠶᠢᠨ ᠦᠯᠡᠳᠡᠭᠳᠡᠯ ᠡᠮᠦᠨᠡᠬᠢ ᠣᠨ ᠤ ᠮᠥᠨ ᠦᠶ᠎ᠡ ᠡᠴᠡ 2.9  ᠬᠤᠪᠢ ᠪᠠᠷ ᠥᠰᠴᠦ᠂ 17.5 ᠶᠡᠬᠡ ᠨᠠᠶᠤᠳ ᠲᠥᠭᠥᠷᠢᠭ ᠪᠣᠯᠵᠠᠢ᠃
ᠨᠡᠶᠢᠲᠡ ᠵᠢᠭᠡᠯᠡ ᠶᠢᠨ ᠦᠯᠡᠳᠡᠭᠳᠡᠯ ᠦᠨ 10.8 ᠬᠤᠪᠢ ᠪᠤᠶᠤ 1.9 ᠶᠡᠬᠡ ᠨᠠᠶᠤᠳ ᠲᠥᠭᠥᠷᠢᠭ ᠨᠢ ᠭᠠᠳᠠᠭᠠᠳᠤ  ᠸᠠᠯᠢᠶᠤᠲ ᠢᠶᠠᠷ ᠣᠯᠭᠤᠭᠰᠠᠨ ᠵᠢᠭᠡᠯᠡ ᠪᠦᠷᠢᠳᠦᠭᠦᠯᠵᠦ ᠶᠤᠮ᠃ ᠵᠢᠭᠡᠯᠡ ᠶᠢᠨ ᠦᠯᠡᠳᠡᠭᠳᠡᠯ ᠦᠨ 11.4 ᠬᠤᠪᠢ ᠨᠢ ᠴᠢᠨᠠᠷ ᠦᠭᠡᠢ ᠵᠢᠭᠡᠯᠡ ᠪᠠᠶᠢᠨ᠎ᠠ᠃ ᠡᠨᠡ ᠨᠢ ᠡᠮᠦᠨᠡᠬᠢ ᠰᠠᠷ᠎ᠠ ᠠᠴᠠ 26.4 ᠲᠡᠷᠪᠤᠮ ᠲᠥᠭᠥᠷᠢᠭ ᠢᠶᠡᠷ ᠪᠠᠭᠤᠷᠠᠭᠰᠠᠨ  ᠳ᠋ᠦᠩ ᠪᠣᠯᠵᠤ ᠪᠠᠶᠢᠭ᠎ᠠ ᠶᠤᠮ᠃ ᠬᠠᠷᠢᠨ ᠬᠤᠭᠤᠴᠠᠭ᠎ᠠ ᠬᠡᠲᠦᠷᠡᠭᠰᠡᠨ ᠵᠢᠭᠡᠯᠡ 7.3 ᠬᠤᠪᠢ ᠶᠢ ᠡᠵᠡᠯᠡᠵᠡᠢ᠃

ᠰᠡᠳᠬᠢᠭᠳᠡᠯ ᠦᠯᠡᠳᠡᠭᠡᠬᠦ