ᠨᠡᠶᠢᠲᠡ ᠶᠢᠨ ᠬᠣᠭᠣᠯᠠᠨ ᠤ ᠰᠠᠯᠪᠤᠷᠢ ᠶᠢᠨ ᠣᠷᠣᠯᠭ᠎ᠠ ᠡᠨᠡ ᠣᠨ ᠤ ᠡᠬᠢᠨ ᠦ ᠤᠯᠠᠷᠢᠯ ᠳᠤ 114.6 ᠲᠡᠷᠪᠤᠮ ᠲᠥᠭᠥᠷᠢᠭ ᠪᠣᠯᠵᠤ᠂ ᠡᠮᠦᠨᠡᠬᠢ ᠣᠨ ᠤ ᠮᠥᠨ ᠦᠶ᠎ᠡ ᠶᠢᠨ ᠬᠢ ᠡᠴᠡ 6.7︵5.6 ᠬᠤᠪᠢ︶ ᠲᠡᠷᠪᠤᠮ ᠲᠥᠭᠥᠷᠢᠭ ᠢᠶᠡᠷ ᠪᠠᠭᠠᠰᠴᠤ᠂ ᠡᠮᠦᠨᠡᠬᠢ ᠤᠯᠠᠷᠢᠯ ᠤᠨ ᠬᠢ ᠠᠴᠠ 16.2 ᠲᠡᠷᠪᠤᠮ ᠲᠥᠭᠥᠷᠢᠭ ᠪᠤᠶᠤ 16.4 ᠬᠤᠪᠢ ᠪᠠᠷ ᠨᠡᠮᠡᠭᠳᠡᠵᠡᠢ᠃ ᠡᠭᠦᠨ ᠳᠦ ᠵᠠᠬᠢᠶᠠᠯᠠᠭᠠᠲᠤ ᠬᠣᠭᠣᠯᠠᠨ ᠤ ᠬᠦᠷᠭᠡᠯᠲᠡ ᠶᠢᠨ ᠦᠢᠯᠡᠴᠢᠯᠡᠭᠡᠨ ᠦ ᠣᠷᠣᠯᠭ᠎ᠠ 5.8︵20.3 ᠬᠤᠪᠢ︶ ᠲᠡᠷᠪᠤᠮ᠂ ᠭᠤᠸᠠᠨᠵᠠᠨ ᠤ ᠬᠢ 0.8︵11.6 ᠬᠤᠪᠢ︶ᠲᠡᠷᠪᠤᠮ ᠲᠥᠭᠥᠷᠢᠭ ᠢᠶᠡᠷ ᠪᠠᠭᠤᠷᠠᠭᠰᠠᠨ ᠨᠢ ᠨᠥᠯᠦᠭᠡᠯᠡᠭᠰᠡᠨ ᠪᠠᠶᠢᠨ᠎ᠠ᠃
ᠨᠡᠶᠢᠲᠡ ᠶᠢᠨ ᠬᠣᠭᠣᠯᠠᠨ ᠤ ᠭᠠᠵᠠᠷ ᠤᠨ ᠣᠷᠣᠯᠭ᠎ᠠ ᠳᠤ ᠷᠧᠰᠲ᠋ᠣᠷᠠᠨ ᠤ ᠣᠷᠣᠯᠭ᠎ᠠ ᠶᠢᠨ ᠡᠵᠡᠯᠡᠬᠦ ᠬᠤᠪᠢ ᠡᠮᠦᠨᠡᠬᠢ ᠣᠨ ᠤ ᠮᠥᠨ ᠦᠶ᠎ᠡ ᠶᠢᠨ ᠬᠢ ᠡᠴᠡ 3.8᠂ ᠺᠠᠹᠸ ᠤᠨ ᠣᠷᠣᠯᠭ᠎ᠠ ᠶᠢᠨ ᠬᠢ 0.2᠂ ᠪᠠᠭᠠᠷ ᠤᠨ ᠣᠷᠣᠯᠭ᠎ᠠ ᠶᠢᠨ ᠬᠢ 0.1 ᠬᠤᠪᠢ ᠪᠠᠷ ᠨᠡᠮᠡᠭᠳᠡᠵᠦ᠂ ᠵᠠᠬᠢᠶᠠᠯᠠᠭᠠᠲᠤ ᠬᠣᠭᠣᠯᠠᠨ ᠤ ᠬᠦᠷᠭᠡᠯᠲᠡ ᠶᠢᠨ ᠦᠢᠯᠡᠴᠢᠯᠡᠭᠡᠨ ᠦ ᠣᠷᠣᠯᠭ᠎ᠠ ᠶᠢᠨ ᠬᠢ 3.7᠂ ᠭᠤᠸᠠᠨᠵᠠᠨ ᠤ ᠣᠷᠣᠯᠭ᠎ᠠ ᠶᠢᠨ ᠬᠢ 0.3 ᠬᠤᠪᠢ ᠪᠠᠷ ᠪᠠᠭᠠᠰᠤᠭᠰᠠᠨ ᠪᠠᠢᠨ᠎ᠠ᠃ ᠵᠣᠴᠢᠳ ᠪᠠᠭᠤᠳᠠᠯ ᠤᠨ ᠰᠠᠯᠪᠤᠷᠢ ᠶᠢᠨ ᠣᠷᠣᠯᠭ᠎ᠠ 2021 ᠣᠨ ᠤ ᠡᠬᠢᠨ ᠦ ᠤᠯᠠᠷᠢᠯ ᠳᠤ 33.8 ᠲᠡᠷᠪᠤᠮ ᠲᠥᠭᠥᠷᠢᠭ ᠲᠦ ᠬᠦᠷᠴᠦ᠂ ᠡᠮᠦᠨᠡᠬᠢ ᠣᠨ ᠤ ᠮᠥᠨ ᠦᠶ᠎ᠡ ᠶᠢᠨ ᠬᠢ ᠡᠴᠡ 1.3︵3.8 ᠬᠤᠪᠢ︶ᠲᠡᠷᠪᠤᠮ ᠲᠥᠭᠥᠷᠢᠭ ᠢᠶᠡᠷ ᠪᠠᠭᠠᠰᠴᠤ᠂ ᠡᠮᠦᠨᠡᠬᠢ ᠤᠯᠠᠷᠢᠯ ᠤᠨ ᠬᠢ ᠠᠴᠠ 3.6︵12 ᠬᠤᠪᠢ︶ᠲᠡᠷᠪᠤᠮ ᠲᠥᠭᠥᠷᠢᠭ ᠢᠶᠡᠷ ᠨᠡᠮᠡᠭᠳᠡᠯ᠎ᠡ᠃
ᠵᠣᠴᠢᠳ ᠪᠠᠭᠤᠳᠠᠯ ᠤᠨ ᠰᠠᠯᠪᠤᠷᠢ ᠶᠢᠨ ᠣᠷᠣᠯᠭ᠎ᠠ ᠳᠤ 3 ᠪᠠ ᠲᠡᠭᠦᠨ ᠡᠴᠡ ᠳᠡᠭᠡᠭᠰᠢ ᠣᠳᠣ ᠲᠠᠢ ᠪᠠᠭᠤᠳᠠᠯ ᠤᠨ ᠣᠷᠣᠯᠭ᠎ᠠ ᠶᠢᠨ ᠡᠵᠡᠯᠡᠬᠦ ᠬᠤᠪᠢ ᠡᠮᠦᠨᠡᠬᠢ ᠣᠨ ᠤ ᠮᠥᠨ ᠦᠶ᠎ᠡ ᠶᠢᠨ ᠬᠢ ᠡᠴᠡ 4᠂ 2 ᠣᠳᠣᠲᠠᠢ ᠵᠣᠴᠢᠳ ᠪᠠᠭᠤᠳᠠᠯ ᠤᠨ ᠣᠷᠣᠯᠭ᠎ᠠ ᠶᠢᠨ ᠬᠢ 0.3 ᠬᠤᠪᠢ ᠪᠠᠷ ᠪᠠᠭᠠᠰᠴᠤ᠂ ᠵᠡᠷᠭᠡᠯᠡᠯ ᠦᠭᠡᠢ ᠵᠣᠴᠢᠳ ᠪᠠᠭᠤᠳᠠᠯ ᠤᠨ ᠣᠷᠣᠯᠭ᠎ᠠ ᠶᠢᠨ ᠬᠢ 4.3 ᠬᠤᠪᠢ ᠪᠠᠷ ᠨᠡᠮᠡᠭᠳᠡᠵᠡᠢ᠃ ᠬᠦᠯᠢᠶᠡᠵᠦ ᠠᠪᠤᠭᠰᠠᠨ ᠵᠣᠴᠢᠳ 2021 ᠣᠨ ᠤ ᠡᠬᠢᠨ ᠦ ᠤᠯᠠᠷᠢᠯ ᠳᠤ 35.9 ᠮᠢᠩᠭ᠎ᠠ ᠪᠣᠯᠵᠤ᠂ ᠡᠮᠦᠨᠡᠬᠢ ᠣᠨ ᠤ ᠮᠥᠨ ᠦᠶ᠎ᠡ ᠡᠴᠡ 22.1︵38.1 ᠬᠤᠪᠢ︶ᠮᠢᠩᠭ᠎ᠠ ᠪᠠᠷ ᠪᠠᠭᠠᠰᠤᠭᠰᠠᠨ ᠪᠠᠶᠢᠨ᠎ᠠ᠃