ᠮᠣᠩᠭᠣᠯ ᠪᠠᠩᠭᠢᠨ ᠤ ᠬᠢᠨᠠᠯᠲᠠ ᠶᠢᠨ ᠵᠥᠪᠯᠡᠯ ᠦᠨ ᠡᠭᠡᠯᠵᠢᠲᠦ ᠬᠤᠷᠠᠯ ᠪᠤᠯᠵᠤ᠂ ᠭᠠᠳᠠᠭᠠᠳᠤ ᠸᠠᠯᠢᠶᠤᠲ ᠤᠨ ᠠᠯᠪᠠᠨ ᠨᠥᠭᠡᠴᠡ ᠴᠡᠪᠡᠷ ᠳ᠋ᠦᠩ ᠢᠶᠡᠷ ᠦᠩᠭᠡᠷᠡᠭᠰᠡᠨ ᠵᠢᠯ ᠦᠨ ᠡᠴᠦᠰ ᠲᠦ 2.2 ᠲᠡᠷᠪᠤᠮ ᠳ᠋ᠣᠯᠯᠠᠷ ᠲᠤ ᠬᠦᠷᠴᠦ ᠡᠮᠦᠨᠡᠬᠢ ᠣᠨ ᠨᠤᠭᠤᠳ ᠲᠠᠢ ᠬᠠᠷᠢᠴᠠᠭᠤᠯᠬᠤ ᠳᠤ ᠨᠡᠮᠡᠭᠳᠡᠭᠰᠡᠨ ᠪᠠᠶᠢᠭ᠎ᠠ ᠬᠡᠳᠦᠢ ᠴᠤ ᠴᠢᠨᠠᠭᠰᠢᠳᠠ ᠨᠡᠮᠡᠭᠳᠡᠭᠦᠯᠬᠦ᠂ ᠠᠳᠠᠭ ᠲᠤ ᠪᠠᠨ 3.5 ᠲᠡᠷᠪᠤᠮ ᠳ᠋ᠣᠯᠯᠠᠷ ᠠᠴᠠ ᠪᠠᠭ᠎ᠠ ᠦᠭᠡᠢ ᠪᠡᠷ ᠨᠡᠮᠡᠭᠳᠡᠭᠦᠯᠬᠦ ᠱᠠᠭᠠᠷᠳᠠᠯᠭ᠎ᠠ ᠲᠠᠢ ᠭᠡᠳᠡᠭ ᠳᠡᠭᠡᠷ᠎ᠡ ᠰᠠᠨᠠᠯ ᠨᠢᠭᠡᠳᠪᠡ᠃
ᠣᠳᠣ ᠪᠠᠷ ᠳᠡᠯᠡᠬᠡᠢ ᠶᠢᠨ ᠵᠠᠬ᠎ᠠ ᠵᠡᠭᠡᠯᠢ ᠳᠡᠭᠡᠷ᠎ᠡ ᠵᠡᠰ᠂ ᠲᠡᠮᠦᠷ᠂ ᠨᠡᠭᠦᠷᠡᠰᠦ ᠵᠡᠷᠭᠡ ᠲᠠᠸᠠᠷ ᠤᠨ ᠪᠦᠲᠦᠭᠡᠭᠳᠡᠬᠦᠨ ᠦ ᠦᠨ᠎ᠡ ᠬᠠᠷᠢᠴᠠᠩᠭᠤᠢ ᠥᠨᠳᠥᠷ ᠪᠠᠶᠢᠭ᠎ᠠ ᠬᠡᠳᠦᠢ ᠴᠤ ᠮᠥᠴᠡᠯᠭᠡ ᠳᠠᠭᠠᠵᠤ ᠰᠠᠪᠠᠯᠠᠯᠲᠠ ᠡᠭᠦᠰᠳᠡᠭ ᠪᠦᠲᠦᠭᠡᠭᠳᠡᠬᠦᠨ ᠨᠦᠭᠦᠳ ᠲᠤᠯᠠ ᠡᠳ᠋ ᠤᠨ ᠵᠠᠰᠠᠭ ᠤᠨ ᠡᠷᠡᠰᠳᠡᠯ ᠭᠠᠷᠤᠨ᠎ᠠ ᠭᠡᠵᠦ ᠲᠣᠭᠠᠴᠠᠵᠤ ᠪᠠᠶᠢᠬᠤ ᠶᠢ ᠠᠩᠬᠠᠷᠤᠭᠤᠯᠪᠠ᠃ ᠮᠥᠨ ᠭᠠᠳᠠᠭᠠᠳᠤ ᠥᠷᠢ ᠶᠢᠨ ᠲᠣᠳᠣᠷᠬᠠᠢ ᠬᠤᠪᠢ ᠬᠡᠮᠵᠢᠶ᠎ᠡ ᠲᠡᠢ ᠲᠡᠩᠴᠡᠬᠦᠶᠢᠴᠡ ᠸᠠᠯᠢᠶᠤᠲ ᠤᠨ ᠨᠥᠭᠡᠴᠡ ᠲᠡᠢ ᠪᠠᠶᠢᠬᠤ ᠪᠣᠳᠣᠯᠭ᠎ᠠ ᠪᠠᠷᠢᠵᠤ ᠠᠵᠢᠯᠯᠠᠬᠤ ᠶᠢ ᠵᠥᠪᠯᠡᠵᠡᠢ᠃ ᠳᠥᠷᠪᠡᠳᠦᠭᠡᠷ ᠰᠠᠷ᠎ᠠ ᠶᠢᠨ ᠪᠠᠶᠢᠳᠠᠯ ᠢᠶᠠᠷ ᠮᠠᠨ ᠤ ᠤᠯᠤᠰ ᠤᠨ ᠭᠠᠳᠠᠭᠠᠳᠤ ᠸᠠᠯᠢᠶᠤᠲ ᠤᠨ ᠠᠯᠪᠠᠨ ᠨᠥᠭᠡᠴᠡ 4.8 ᠲᠡᠷᠪᠤᠮ ᠳ᠋ᠣᠯᠯᠠᠷ ᠪᠠᠢᠪᠠ᠃