ᠬ ∙ ᠪᠠᠲᠤᠲᠤᠯᠭ᠎ᠠ ᠲᠠᠪᠤᠨᠲᠣᠯᠣᠭᠠᠢ ᠶᠢᠨ ᠲᠡᠮᠦᠷ ᠵᠠᠮ ᠤᠨ ᠠᠵᠢᠯ ᠢᠶᠠᠨ ᠡᠷᠭᠢᠵᠡᠢ | News.MN

ᠬ ∙ ᠪᠠᠲᠤᠲᠤᠯᠭ᠎ᠠ ᠲᠠᠪᠤᠨᠲᠣᠯᠣᠭᠠᠢ ᠶᠢᠨ ᠲᠡᠮᠦᠷ ᠵᠠᠮ ᠤᠨ ᠠᠵᠢᠯ ᠢᠶᠠᠨ ᠡᠷᠭᠢᠵᠡᠢ

 

ᠶᠡᠷᠦᠩᠬᠡᠶᠢᠯᠡᠭᠴᠢ ᠶᠢᠨ ᠪᠦᠷᠢᠨ ᠡᠷᠬᠡ ᠶᠢᠨ ᠬᠤᠭᠤᠴᠠᠭ᠎ᠠ ᠨᠢ 10 ᠬᠣᠨᠣᠭ ᠤᠨ ᠳᠠᠷᠠᠭ᠎ᠠ ᠳᠠᠭᠤᠰᠬᠤ ᠭᠡᠵᠦ ᠪᠤᠢ ᠬ ∙ ᠪᠠᠲᠤᠲᠤᠯᠭ᠎ᠠ ᠲᠠᠪᠤᠨᠲᠣᠯᠣᠭᠠᠢ ᠴᠢᠭᠯᠡᠯ ᠳᠦ ᠪᠠᠷᠢᠭᠳᠠᠵᠤ ᠪᠤᠢ ᠲᠡᠮᠦᠷ ᠵᠠᠮ ᠤᠨ ᠠᠵᠢᠯ ᠢ ᠠᠮᠠᠷᠠᠯᠲᠠ ᠶᠢᠨ ᠡᠳᠦᠷ ᠠᠯᠭᠠᠰᠠᠬᠤ ᠦᠭᠡᠢ᠂ ᠡᠷᠭᠢᠵᠦ ᠲᠣᠭᠣᠷᠢᠭᠰᠠᠭᠠᠷ ᠪᠠᠶᠢᠨ᠎ᠠ᠃
ᠲᠡᠷᠡ ᠪᠡᠷ ᠰᠡᠭᠦᠯ ᠦᠨ ᠳᠥᠷᠪᠡᠨ ᠵᠢᠯ ᠦᠨ ᠬᠤᠭᠤᠴᠠᠭᠠᠨ ᠳᠤ ᠵᠡᠭᠦᠨᠪᠠᠶᠠᠨ ᠲᠠᠪᠤᠨᠲᠣᠯᠣᠭᠠᠢ ᠶᠢᠨ ᠴᠢᠭᠯᠡᠯ ᠦᠨ 416 ᠺᠢᠯᠣᠮᠧᠲ᠋ᠷ ᠲᠡᠮᠦᠷ ᠵᠠᠮ ᠤᠨ ᠠᠵᠢᠯ ᠢ ᠡᠬᠢᠯᠡᠭᠦᠯᠵᠦ᠂ ᠲᠠᠪᠤᠨᠲᠣᠯᠣᠭᠠᠢ ᠭᠠᠰᠢᠭᠤᠨᠰᠤᠬᠠᠢᠲᠤ ᠴᠢᠭᠯᠡᠯ ᠦᠨ ᠲᠡᠮᠦᠷ ᠵᠠᠮ ᠤᠨ ᠠᠵᠢᠯ ᠢ ᠳᠠᠭᠤᠰᠬᠠᠬᠤ ᠴᠢᠭᠯᠡᠯ ᠳᠦ ᠠᠵᠢᠯᠯᠠᠭᠰᠠᠨ ᠭᠡᠵᠦ ᠪᠣᠯᠤᠨ᠎ᠠ᠃ ᠬᠠᠴᠢᠷᠬᠠᠯᠲᠠᠢ ᠨᠢ ᠲᠡᠷᠡ ᠪᠡᠷ ᠲᠥᠰᠥᠪ ᠦᠨ ᠵᠠᠬᠢᠷᠤᠨ ᠵᠠᠷᠤᠴᠠᠭᠤᠯᠤᠭᠴᠢ ᠪᠢᠰᠢ ᠬᠢᠷᠢᠨ᠎ᠡ ᠡᠨᠡ ᠠᠵᠢᠯ ᠳᠤ ᠮᠠᠩᠯᠠᠶᠢᠯᠠᠨ ᠣᠷᠣᠯᠴᠠᠭᠰᠠᠨ ᠶᠤᠮ᠃ ᠲᠡᠭᠡᠪᠡᠯ ᠲᠡᠷᠡ ᠪᠡᠷ ᠥᠩᠭᠡᠷᠡᠭᠴᠢ ᠠᠮᠠᠷᠠᠯᠲᠠ ᠶᠢᠨ ᠡᠳᠦᠷ ᠦᠳ ᠲᠦ ᠲᠠᠪᠤᠨᠲᠣᠯᠣᠭᠠᠢ ᠴᠢᠭᠯᠡᠯ ᠦᠨ ᠲᠡᠮᠦᠷ ᠵᠠᠮ ᠤᠨ ᠠᠵᠢᠯ ᠲᠠᠢ ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ ᠦᠨ ᠠᠵᠢᠯ ᠤᠨ ᠠᠯᠪᠠᠨ ᠤ ᠳᠠᠷᠤᠭ᠎ᠠ ᠠ᠊ ∙ ᠭᠠᠩᠰᠦ᠋ᠬᠡ ᠲᠡᠢ ᠬᠠᠮᠲᠤ ᠣᠴᠢᠵᠤ ᠲᠠᠨᠢᠯᠴᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ