《ᠬᠤᠳᠠᠯᠳᠤᠭᠠᠨ ᠤ ᠲᠤᠬᠠᠢ》ᠬᠠᠤᠯᠢ ᠭᠠᠷᠭᠠᠨ᠎ᠠ | News.MN

《ᠬᠤᠳᠠᠯᠳᠤᠭᠠᠨ ᠤ ᠲᠤᠬᠠᠢ》ᠬᠠᠤᠯᠢ ᠭᠠᠷᠭᠠᠨ᠎ᠠ

ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ《ᠬᠤᠳᠠᠯᠳᠤᠭᠠᠨ ᠤ ᠲᠤᠬᠠᠢ》ᠬᠠᠤᠯᠢ ᠶᠢᠨ ᠲᠥᠰᠥᠯ ᠢ ᠪᠣᠯᠪᠠᠰᠤᠷᠠᠭᠤᠯᠵᠤ ᠡᠷᠭᠦᠨ ᠪᠠᠷᠢᠬᠤ ᠠᠵᠢᠯ ᠤᠨ ᠬᠡᠰᠡᠭ ᠢ ᠪᠠᠶᠢᠭᠤᠯᠤᠭᠰᠠᠨ ᠪᠥᠭᠡᠳ ᠠᠬᠠᠯᠠᠭᠴᠢ ᠪᠠᠷ ᠨᠢ ᠤᠯᠤᠰ ᠤᠨ ᠶᠡᠬᠡ ᠬᠤᠷᠠᠯ ᠤᠨ ᠭᠡᠰᠢᠭᠦᠨ ᠳ ∙ ᠥᠨᠢᠷᠪᠣᠯᠣᠷ ᠢ ᠲᠣᠮᠢᠯᠠᠵᠠᠢ᠃ ᠡᠨᠡ ᠲᠠᠯ᠎ᠠ ᠪᠠᠷ ᠳ ∙ ᠥᠨᠢᠷᠪᠣᠯᠣᠷ ᠠᠴᠠ ᠲᠣᠳᠣᠷᠠᠭᠤᠯᠤᠯ᠎ᠠ᠃
– ᠲᠠ ᠬᠤᠳᠠᠯᠳᠤᠭᠠᠨ ᠤ ᠬᠠᠤᠯᠢ ᠡᠷᠬᠡ ᠵᠦᠢ ᠶᠢᠨ ᠣᠷᠴᠢᠨ ᠢ ᠪᠣᠯᠪᠠᠰᠤᠷᠠᠩᠭᠤᠢ ᠪᠣᠯᠭᠠᠬᠤ ᠴᠢᠭᠯᠡᠯ ᠢᠶᠡᠷ ᠶᠠᠮᠠᠷ ᠪᠣᠳᠣᠯ ᠲᠠᠢ ᠪᠠᠶᠢᠨ᠎ᠠ ᠪᠤᠢ?
– ᠬᠤᠳᠠᠯᠳᠤᠭᠠᠨ ᠤ ᠬᠠᠷᠢᠯᠴᠠᠭ᠎ᠠ ᠶᠢ ᠡᠷᠬᠡ ᠵᠦᠢ ᠶᠢᠨ ᠬᠦᠷᠢᠶᠡᠨ ᠳᠦ 60 ᠣᠷᠴᠢᠮ ᠬᠠᠤᠯᠢ ᠶᠢᠨ 100 ᠭᠠᠷᠤᠢ ᠵᠦᠢᠯ ᠵᠢᠭᠠᠯᠲᠠ ᠪᠠᠷ ᠬᠡᠰᠡᠭᠴᠢᠯᠡᠨ ᠵᠣᠬᠢᠴᠠᠭᠤᠯᠵᠤ ᠢᠷᠡᠵᠡᠢ᠃ ᠬᠤᠳᠠᠯᠳᠤᠭ᠎ᠠ ᠶᠢ ᠵᠣᠬᠢᠴᠠᠭᠤᠯᠤᠭᠰᠠᠨ ᠲᠤᠰᠬᠠᠢ ᠬᠠᠤᠯᠢ ᠦᠭᠡᠢ 30 ᠣᠷᠴᠢᠮ ᠵᠢᠯ ᠶᠠᠪᠤᠵᠤ ᠢᠷᠡᠯ᠎ᠡ᠃ ᠰᠠᠯᠪᠤᠷᠢ ᠳᠤᠮᠳᠠ ᠶᠢᠨ ᠤᠶᠠᠯᠳᠤᠭ᠎ᠠ ᠶᠢ ᠬᠠᠩᠭᠠᠭᠰᠠᠨ ᠨᠢᠭᠡᠳᠦᠭᠰᠡᠨ ᠪᠣᠳᠣᠯᠭ᠎ᠠ ᠶᠢᠨ ᠪᠠᠷᠢᠮᠲᠠ ᠪᠢᠴᠢᠭ ᠦᠭᠡᠢ ᠶᠠᠪᠤᠵᠤ ᠢᠷᠡᠭᠰᠡᠨ᠃
ᠵᠣᠬᠢᠴᠠᠭᠤᠯᠬᠤ ᠱᠠᠭᠠᠷᠳᠠᠯᠭ᠎ᠠ ᠲᠠᠢ ᠠᠰᠠᠭᠤᠳᠠᠯ ᠤᠳ ᠪᠠᠭ᠎ᠠ ᠦᠭᠡᠢ ᠬᠤᠷᠠᠮᠲᠤᠯᠠᠭᠳᠠᠭᠰᠠᠨ᠂ ᠵᠥᠪ ᠲᠣᠳᠣᠷᠬᠠᠶᠢᠯᠠᠬᠤ ᠱᠠᠭᠠᠷᠳᠠᠯᠭ᠎ᠠ ᠡᠭᠦᠰᠦᠭᠰᠡᠨ ᠭᠡᠰᠡᠨ ᠦᠭᠡ᠃ ᠬᠤᠳᠠᠯᠳᠤᠭᠠᠨ ᠤ ᠠᠰᠠᠭᠤᠳᠠᠯ ᠮᠡᠷᠭᠡᠵᠢᠯ ᠦᠨ ᠪᠤᠰᠤ ᠶᠠᠮᠤᠨ ᠳᠤ ᠬᠠᠪᠰᠠᠷᠭ᠎ᠠ ᠪᠠᠶᠢᠳᠠᠯ ᠢᠶᠠᠷ ᠬᠠᠷᠢᠶᠠᠯᠠᠭᠳᠠᠵᠤ᠂ ᠭᠠᠳᠠᠭᠠᠳᠤ ᠬᠤᠳᠠᠯᠳᠤᠭᠠᠨ ᠤ ᠨᠢᠭᠡᠳᠦᠭᠰᠡᠨ ᠪᠣᠳᠣᠯᠭ᠎ᠠ ᠦᠭᠡᠢ᠂ ᠵᠣᠬᠢᠴᠠᠭᠤᠯᠤᠯᠲᠠ ᠦᠭᠡᠢ ᠪᠣᠯᠤᠭᠰᠠᠨ ᠤ ᠳᠡᠭᠡᠷ᠎ᠡ ᠲᠠᠷᠢᠪ︵ ᠦᠨ᠎ᠡ︶ ᠤᠨ ᠪᠣᠳᠣᠯᠭ᠎ᠠ ᠪᠠᠷ ᠵᠣᠬᠢᠴᠠᠭᠤᠯᠵᠤ ᠦᠨᠳᠦᠰᠦᠨ ᠦ ᠦᠢᠯᠡᠳᠪᠦᠷᠢᠯᠡᠯ ᠢᠶᠡᠨ ᠬᠠᠮᠠᠭᠠᠯᠠᠬᠤ᠂ ᠳᠣᠲᠣᠭᠠᠳᠤ ᠶᠢᠨ ᠦᠢᠯᠡᠳᠪᠦᠷᠢᠯᠡᠯ ᠢᠶᠡᠨ ᠬᠤᠳᠠᠯᠳᠤᠭ᠎ᠠ ᠪᠠᠷ ᠳᠡᠮᠵᠢᠬᠦ᠂ ᠢᠯᠠᠩᠭᠤᠶ᠎ᠠ ᠢᠮᠫᠣᠷᠲ ᠤᠷᠤᠯᠠᠬᠤ ᠦᠢᠯᠡᠳᠪᠦᠷᠢᠯᠡᠯ ᠬᠥᠭᠵᠢᠭᠦᠯᠬᠦ ᠠᠰᠠᠭᠤᠳᠠᠯ ᠣᠷᠬᠢᠭᠳᠠᠵᠤ᠂ ᠭᠠᠳᠠᠭᠠᠳᠤ ᠵᠠᠬ᠎ᠠ ᠵᠡᠭᠡᠯᠢ ᠳᠡᠭᠡᠷ᠎ᠡ ᠺᠣᠮᠫᠠᠨᠢ ᠨᠤᠭᠤᠳ ᠪᠣᠯᠤᠨ ᠰᠠᠯᠪᠤᠷᠢ ᠶᠢᠨ ᠶᠠᠮᠤᠨ ᠪᠣᠯᠭᠠᠨ ᠤᠶᠠᠯᠳᠤᠭ᠎ᠠ ᠬᠣᠯᠪᠣᠭ᠎ᠠ ᠦᠭᠡᠢ ᠦᠢᠯᠡ ᠠᠵᠢᠯᠯᠠᠭ᠎ᠠ ᠶᠠᠪᠤᠭᠤᠯᠵᠤ ᠪᠠᠶᠢᠨ᠎ᠠ᠃ ᠦᠢᠯᠡᠳᠪᠦᠷᠢᠯᠡᠯ – ᠬᠤᠳᠠᠯᠳᠤᠭ᠎ᠠ ᠭᠡᠰᠡᠨ ᠡᠨᠡ ᠬᠣᠶᠠᠷ ᠰᠠᠯᠪᠤᠷᠢ ᠲᠥᠷᠥ ᠵᠠᠰᠠᠭ ᠤᠨ ᠲᠡᠷᠢᠭᠦᠨ ᠵᠡᠷᠭᠡ ᠶᠢᠨ ᠪᠣᠳᠣᠯᠭ᠎ᠠ ᠶᠢᠨ ᠲᠦᠪ ᠲᠦ ᠪᠠᠶᠢᠬᠤ ᠶᠣᠰᠣᠲᠠᠢ ᠠᠰᠠᠭᠤᠳᠠᠯ᠃ ᠪᠣᠳᠣᠯᠭ᠎ᠠ ᠵᠠᠩᠭᠢᠳᠬᠤ ᠪᠠᠢᠭᠤᠯᠤᠯᠭ᠎ᠠ ᠦᠭᠡᠢ ᠪᠠᠶᠢᠨ᠎ᠠ᠃

ᠰᠡᠳᠬᠢᠭᠳᠡᠯ ᠦᠯᠡᠳᠡᠭᠡᠬᠦ