ᠭᠣᠪᠢ ᠶᠢᠨ ᠪᠥᠰᠡ ᠳᠦ ᠨᠣᠭᠣᠭᠠᠨ ᠬᠥᠭᠵᠢᠯ ᠢ ᠳᠡᠮᠵᠢᠬᠦ ᠬᠡᠯᠡᠯᠴᠡᠭᠦᠯᠭᠡ ᠪᠣᠯᠤᠯ᠎ᠠ | News.MN

ᠭᠣᠪᠢ ᠶᠢᠨ ᠪᠥᠰᠡ ᠳᠦ ᠨᠣᠭᠣᠭᠠᠨ ᠬᠥᠭᠵᠢᠯ ᠢ ᠳᠡᠮᠵᠢᠬᠦ ᠬᠡᠯᠡᠯᠴᠡᠭᠦᠯᠭᠡ ᠪᠣᠯᠤᠯ᠎ᠠ

 

ᠨᠣᠭᠣᠭᠠᠨ ᠬᠥᠭᠵᠢᠯ᠂ ᠰᠡᠷᠭᠦᠭᠡᠭᠳᠡᠬᠦ ᠡᠷᠴᠢᠮ ᠬᠦᠴᠦ᠂ ᠠᠶᠠᠯᠠᠯ ᠵᠢᠭᠤᠯᠴᠢᠯᠠᠯ ᠤᠨ ᠰᠠᠯᠪᠤᠷᠢ ᠳ᠋ᠡᠬᠢ ᠬᠥᠷᠥᠩᠭᠡ ᠣᠷᠣᠭᠤᠯᠤᠯᠲᠠ ᠶᠢ ᠡᠷᠴᠢᠮ ᠬᠦᠴᠦ᠂ ᠵᠠᠮ ᠲᠡᠭᠡᠭᠡᠪᠦᠷᠢ᠂ ᠠᠭᠤᠯᠠ ᠠᠭᠤᠷᠬᠠᠢ ᠶᠢᠨ ᠰᠠᠯᠪᠤᠷᠢ ᠶᠢᠨ ᠳᠡᠳ᠋ ᠪᠦᠲᠦᠴᠡ ᠶᠢᠨ ᠲᠣᠮᠣᠬᠠᠨ ᠲᠥᠰᠥᠯ ᠦᠳ ᠲᠡᠢ ᠬᠣᠣᠰᠯᠠᠭᠤᠯᠵᠤ ᠴᠢᠳᠠᠪᠠᠯ ᠮᠣᠩᠭᠣᠯ ᠤᠯᠤᠰ ᠤᠨ ᠡᠮᠦᠨᠡᠲᠦ ᠪᠥᠰᠡ ᠶᠢᠨ ᠠᠶᠢᠮᠠᠭ ᠤᠳ ᠲᠣᠭᠲᠠᠪᠤᠷᠢᠲᠠᠢ ᠬᠥᠭᠵᠢᠬᠦ ᠪᠣᠯᠤᠮᠵᠢ ᠲᠠᠢ ᠭᠡᠵᠦ ᠥᠨᠥᠳᠥᠷ ᠪᠣᠯᠤᠭᠰᠠᠨ《ᠣᠷᠣᠨ ᠨᠤᠲᠤᠭ ᠤᠨ ᠬᠥᠭᠵᠢᠯ ᠢ ᠳᠡᠮᠵᠢᠬᠦ ᠠᠽᠢᠶ᠎ᠠ ᠶᠢᠨ ᠬᠥᠭᠵᠢᠯ ᠦᠨ ᠪᠠᠩᠬᠢᠨ ᠤ ᠲᠦᠩᠰᠢᠯᠡᠯ》ᠬᠡᠯᠡᠯᠴᠡᠭᠦᠯᠭᠡ ᠳᠦ ᠣᠷᠣᠯᠴᠠᠭᠴᠢᠳ ᠣᠨᠴᠠᠯᠠᠯ᠎ᠠ᠃ ᠬᠡᠯᠡᠯᠴᠡᠭᠦᠯᠭᠡ ᠶᠢ ᠠᠽᠢᠶ᠎ᠠ ᠶᠢᠨ ᠬᠥᠭᠵᠢᠯ ᠦᠨ ᠪᠠᠩᠬᠢ ᠮᠣᠩᠭᠣᠯ ᠤᠯᠤᠰ ᠤᠨ ᠵᠠᠰᠠᠭ ᠤᠨ ᠭᠠᠵᠠᠷ ᠲᠠᠢ ᠬᠠᠮᠲᠤᠷᠠᠨ ᠵᠣᠬᠢᠶᠠᠨ ᠪᠠᠶᠢᠭᠤᠯᠤᠭᠰᠠᠨ ᠶᠤᠮ᠃
《ᠮᠣᠩᠭᠣᠯ ᠤᠯᠤᠰ ᠤᠨ ᠬᠥᠭᠵᠢᠯ  ᠳᠦ ᠦᠵᠡᠭᠦᠯᠵᠦ ᠪᠤᠢ ᠲᠦᠩᠰᠢᠯᠡᠯ ᠦᠨ ᠦᠷ᠎ᠡ ᠨᠥᠯᠥᠭᠡ ᠶᠢ ᠲᠣᠭᠲᠠᠪᠤᠷᠢᠲᠠᠢ ᠬᠠᠳᠠᠭᠠᠯᠠᠵᠤ᠂ ᠴᠠᠭᠠᠰᠢᠳᠠ ᠥᠷᠭᠡᠵᠢᠭᠦᠯᠬᠦ ᠳᠦ ᠲᠥᠰᠥᠯ ᠬᠥᠲᠥᠯᠪᠦᠷᠢ ᠡᠴᠡ ᠣᠯᠵᠤ ᠠᠪᠤᠭᠰᠠᠨ ᠮᠡᠳᠡᠯᠭᠡ᠂ ᠲᠤᠷᠰᠢᠯᠭ᠎ᠠ ᠴᠢᠬᠤᠯᠠ ᠡᠭᠦᠷᠭᠡ ᠲᠡᠢ》ᠬᠡᠮᠡᠨ ᠠᠽᠢᠶ᠎ᠠ ᠶᠢᠨ ᠬᠥᠭᠵᠢᠯ ᠦᠨ ᠪᠠᠩᠭᠢᠨ ᠤ ᠮᠣᠩᠭᠣᠯ ᠤᠯᠤᠰ ᠳᠠᠬᠢ ᠰᠠᠭᠤᠷᠢᠨ ᠲᠥᠯᠥᠭᠡᠯᠡᠭᠴᠢ ᠫᠠᠸᠢᠲ ᠷᠠᠮᠠᠴᠠᠨᠳ᠋ᠷᠠᠨ ᠬᠡᠯᠡᠭᠡᠳ᠄ ᠣᠷᠣᠨ ᠨᠤᠲᠤᠭ ᠲᠤ ᠲᠥᠰᠥᠯ ᠬᠥᠲᠥᠯᠪᠦᠷᠢ ᠪᠣᠯᠪᠠᠰᠤᠷᠠᠭᠤᠯᠬᠤ᠂ ᠬᠡᠷᠡᠭᠵᠢᠭᠦᠯᠬᠦ ᠶᠠᠪᠤᠴᠠ ᠳᠤ ᠬᠤᠷᠠᠮᠲᠤᠭᠤᠯᠤᠭᠰᠠᠨ ᠰᠢᠯᠢᠳᠡᠭ ᠲᠤᠷᠰᠢᠯᠭ᠎ᠠ᠂ ᠰᠤᠷᠭᠠᠮᠵᠢ ᠪᠠᠨ ᠬᠤᠪᠢᠶᠠᠯᠴᠠᠬᠤ ᠪᠣᠯᠤᠮᠵᠢ ᠶᠢ ᠬᠠᠮᠲᠤᠷᠠᠨ ᠠᠵᠢᠯᠯᠠᠭᠴᠢ ᠲᠠᠯ᠎ᠠ ᠳᠤ ᠪᠠᠨ  ᠣᠯᠭᠣᠬᠤ᠂ ᠲᠡᠳᠡᠭᠡᠷ ᠡᠴᠡ ᠰᠤᠷᠤᠯᠴᠠᠬᠤ᠂ ᠴᠢᠨᠠᠭᠰᠢᠳᠠ ᠶᠢᠨ ᠦᠢᠯᠡ ᠠᠵᠢᠯᠯᠠᠭᠠᠨ ᠳᠤ ᠪᠠᠨ ᠲᠤᠰᠬᠠᠬᠤ ᠵᠣᠷᠢᠯᠭ᠎ᠠ ᠪᠠᠷ ᠪᠢᠳᠡ ᠡᠨᠡᠬᠦ ᠴᠤᠪᠤᠷᠠᠯ ᠬᠡᠯᠡᠯᠴᠡᠭᠦᠯᠭᠡ ᠶᠢ ᠵᠣᠬᠢᠶᠠᠨ ᠪᠠᠶᠢᠭᠤᠯᠵᠤ ᠪᠠᠶᠢᠨ᠎ᠠ ᠬᠡᠮᠡᠪᠡ᠃
ᠵᠠᠰᠠᠭ ᠤᠨ ᠭᠠᠵᠠᠷ ᠤᠨ ᠲᠥᠯᠥᠭᠡᠯᠡᠯ᠂ ᠳᠦᠷᠪᠡᠨ ᠠᠶᠢᠮᠠᠭ ᠤᠨ ᠵᠠᠰᠠᠭ ᠳᠠᠷᠤᠭ᠎ᠠ ᠨᠠᠷ ᠣᠷᠣᠯᠴᠠᠭᠰᠠᠨ ᠬᠡᠯᠡᠯᠴᠡᠭᠦᠯᠭᠡ ᠪᠡᠷ ᠬᠤᠳᠠᠯᠳᠤᠭ᠎ᠠ ᠶᠢ ᠬᠥᠩᠭᠡᠪᠴᠢᠯᠡᠬᠦ᠂  ᠯᠤᠵᠢᠰᠲ᠋ᠢᠺ᠂ ᠳᠡᠳ᠋ ᠪᠦᠲᠦᠴᠡ ᠶᠢ ᠰᠠᠶᠢᠵᠢᠷᠠᠭᠤᠯᠬᠤ᠂ ᠠᠵᠢᠯ ᠤᠨ ᠪᠠᠶᠢᠷᠢ ᠨᠡᠮᠡᠭᠳᠡᠭᠦᠯᠬᠦ ᠵᠡᠷᠭᠡ ᠠᠽᠢᠶ᠎ᠠ ᠶᠢᠨ ᠬᠥᠭᠵᠢᠯ ᠦᠨ ᠪᠠᠩᠬᠢ ᠠᠴᠠ ᠲᠤᠬᠠᠢ ᠶᠢᠨ ᠣᠷᠣᠨ ᠨᠤᠲᠤᠭ ᠲᠤ ᠬᠡᠷᠡᠭᠵᠢᠭᠦᠯᠵᠦ ᠪᠤᠢ ᠦᠢᠯᠡ ᠠᠵᠢᠯᠯᠠᠭᠠᠨ ᠤ ᠭᠣᠣᠯᠯᠠᠬᠤ ᠴᠢᠭᠯᠡᠯ ᠦᠳ ᠢ ᠬᠥᠨᠳᠡᠨ ᠶᠠᠷᠢᠯᠴᠠᠯ᠎ᠠ᠃

ᠰᠡᠳᠬᠢᠭᠳᠡᠯ ᠦᠯᠡᠳᠡᠭᠡᠬᠦ