ᠶᠡᠷᠦᠩᠬᠡᠶᠢᠯᠡᠭᠴᠢ ᠨᠣᠶᠠᠨ ᠠᠭᠤᠯᠠ ᠶᠢ ᠲᠥᠷᠥ ᠶᠢᠨ ᠲᠠᠬᠢᠯᠭ᠎ᠠ ᠲᠠᠢ ᠪᠣᠯᠭᠠᠬᠤ ᠵᠠᠷᠯᠢᠭ ᠭᠠᠷᠭᠠᠯ᠎ᠠ | News.MN

ᠶᠡᠷᠦᠩᠬᠡᠶᠢᠯᠡᠭᠴᠢ ᠨᠣᠶᠠᠨ ᠠᠭᠤᠯᠠ ᠶᠢ ᠲᠥᠷᠥ ᠶᠢᠨ ᠲᠠᠬᠢᠯᠭ᠎ᠠ ᠲᠠᠢ ᠪᠣᠯᠭᠠᠬᠤ ᠵᠠᠷᠯᠢᠭ ᠭᠠᠷᠭᠠᠯ᠎ᠠ

 

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠰᠡᠯᠡᠩᠭᠡ ᠠᠶᠢᠮᠠᠭ ᠤᠨ ᠮᠠᠨᠳᠤᠯ᠂ ᠲᠥᠪ ᠠᠶᠢᠮᠠᠭ ᠤᠨ ᠪᠣᠷᠣᠨᠠᠭᠤᠷ᠂ ᠪᠠᠲᠤᠰᠦ᠋ᠮᠪᠤᠷ ᠰᠤᠮᠤ ᠶᠢᠨ ᠨᠤᠲᠤᠭ ᠳᠡᠪᠢᠰᠬᠡᠷ ᠲᠦ ᠪᠠᠶᠢᠷᠢᠯᠠᠬᠤ ᠨᠣᠶᠠᠨ ᠠᠭᠤᠯᠠ ᠶᠢ ᠲᠥᠷᠥ ᠶᠢᠨ ᠲᠠᠬᠢᠯᠭ᠎ᠠ ᠲᠠᠢ ᠪᠣᠯᠭᠠᠬᠤ ᠲᠤᠬᠠᠢ ᠨᠠᠶᠠᠨ ᠨᠢᠭᠡᠳᠦᠭᠡᠷ ᠵᠠᠷᠯᠢᠭ ᠭᠠᠷᠭᠠᠯ᠎ᠠ᠃
ᠤᠭ ᠵᠠᠷᠯᠢᠭ ᠲᠤ ᠄ ᠮᠣᠩᠭᠣᠯᠴᠤᠳ ᠤᠨ ᠡᠪᠦᠭᠡ ᠾᠦᠩᠨᠤ ᠳᠡᠭᠡᠳᠦᠰ ᠦᠨ ᠠᠯᠲᠠᠨ ᠱᠠᠷᠢᠯ᠂ ᠮᠥᠷ ᠤᠯᠪᠠᠭ᠎ᠠ ᠶᠢ ᠬᠡᠪᠡᠯᠢ ᠳᠦ ᠪᠡᠨ ᠬᠠᠳᠠᠭᠠᠯᠠᠭᠰᠠᠨ ᠥᠯᠥᠭᠡᠢ ᠳᠠᠭᠰᠢᠨ ᠨᠤᠲᠤᠭ᠂ ᠡᠬᠡ ᠲᠡᠦᠬᠡ ᠶᠢᠨ ᠭᠣᠯᠣᠮᠲᠠ ᠪᠣᠯᠤᠭᠰᠠᠨ ᠥᠨᠢ ᠡᠷᠲᠡᠨ ᠦ ᠲᠠᠬᠢᠯᠭᠠᠲᠤ ᠬᠠᠶᠢᠷᠬᠠᠨ ᠨᠣᠶᠠᠨ ᠠᠭᠤᠯᠠ ᠶᠢ ᠳᠡᠭᠡᠳᠦᠯᠡᠨ ᠰᠢᠲᠦᠬᠦ᠂ ᠲᠤᠯᠭᠤᠷ ᠲᠥᠷᠥ ᠶᠢᠨ ᠲᠡᠦᠬᠡ ᠱᠠᠰᠲᠢᠷ᠂ ᠥᠪ ᠰᠤᠶᠤᠯ ᠢ ᠬᠠᠶᠢᠷᠠᠯᠠᠨ ᠬᠠᠮᠠᠭᠠᠯᠠᠬᠤ᠂ ᠦᠨᠳᠦᠰᠦᠨ ᠦ ᠦᠵᠡᠯ ᠳᠠᠷᠬᠠᠯᠠᠭ᠎ᠠ᠂ ᠤᠬᠠᠮᠰᠠᠷ ᠪᠠᠬᠠᠷᠬᠠᠯ ᠢ ᠳᠡᠪᠵᠢᠭᠡᠨ ᠳᠡᠯᠭᠡᠷᠡᠭᠦᠯᠬᠦ ᠵᠣᠷᠢᠯᠭ᠎ᠠ ᠪᠠᠷ ᠢᠷᠭᠡᠳ᠂ ᠣᠯᠠᠨ ᠨᠡᠶᠢᠲᠡ᠂ ᠢᠷᠭᠡᠨ ᠦ ᠨᠡᠶᠢᠭᠡᠮ ᠤᠨ ᠪᠠᠶᠢᠭᠤᠯᠤᠯᠭ᠎ᠠ᠂ ᠡᠷᠳᠡᠮᠲᠡᠨ ᠰᠤᠳᠤᠯᠤᠭᠠᠴᠢᠳ ᠠᠴᠠ ᠭᠠᠷᠭᠠᠵᠤ ᠪᠤᠢ ᠰᠠᠨᠠᠯ ᠢ ᠳᠡᠮᠵᠢᠵᠦ᠂ ᠮᠣᠩᠭᠣᠯ ᠲᠦᠮᠡᠨ ᠦ ᠦᠶ᠎ᠡ ᠶᠢᠨ ᠦᠶ᠎ᠡ ᠳᠦ ᠤᠯᠠᠷᠢᠭᠠᠨ ᠬᠠᠳᠠᠭᠠᠯᠠᠭᠰᠠᠭᠠᠷ ᠢᠷᠡᠭᠰᠡᠨ ᠵᠠᠩᠰᠢᠯ ᠰᠤᠶᠤᠯ᠂ ᠤᠷᠢᠳᠤ ᠶᠢᠨ ᠵᠢᠷᠤᠮ ᠢ ᠪᠠᠷᠢᠮᠲᠠᠯᠠᠨ᠂  ᠲᠦᠷᠦᠲᠦ ᠶᠣᠰᠣ᠂ ᠲᠡᠦᠬᠡᠨ ᠤᠯᠠᠮᠵᠢᠯᠠᠯ ᠢ ᠬᠦᠨᠳᠦᠳᠭᠡᠵᠦ᠂ ᠦᠨᠳᠦᠰᠦᠨ ᠬᠠᠤᠯᠢ ᠶᠢᠨ ᠭᠤᠴᠢᠨ ᠳᠥᠷᠪᠡᠳᠦᠭᠡᠷ ᠵᠦᠢᠯ ᠦᠨ 1᠂ ᠶᠡᠷᠦᠩᠬᠡᠶᠢᠯᠡᠭᠴᠢ ᠶᠢᠨ ᠲᠤᠬᠠᠢ ᠬᠠᠤᠯᠢ ᠶᠢᠨ ᠶᠢᠰᠦᠳᠦᠭᠡᠷ ᠵᠦᠢᠯ ᠦᠨ 1 ᠳ᠋ᠡᠬᠢ ᠬᠡᠰᠡᠭ᠂ ᠰᠤᠶᠤᠯ ᠤᠨ ᠥᠪ ᠢ ᠬᠠᠮᠠᠭᠠᠯᠠᠬᠤ ᠲᠤᠬᠠᠢ ᠬᠠᠤᠯᠢ ᠶᠢᠨ ᠠᠷᠪᠠᠨ ᠨᠢᠭᠡᠳᠦᠭᠡᠷ ᠵᠦᠢᠯ ᠦᠨ 11.1.1᠂ 11.1.3 ᠳ᠋ᠡᠬᠢ ᠵᠢᠭᠠᠯᠲᠠ ᠶᠢ ᠲᠤᠰ ᠲᠤᠰ ᠦᠨᠳᠦᠰᠦᠯᠡᠨ ᠵᠠᠷᠯᠢᠭ ᠪᠤᠯᠭᠠᠬᠤ ᠨᠢ᠄
ᠮᠣᠩᠭᠣᠯ ᠤᠨ ᠲᠤᠯᠭᠤᠷ ᠲᠥᠷᠥ ᠾᠦᠩᠨᠤ ᠭᠦᠷᠦᠨ ᠪᠠᠢᠭᠤᠯᠤᠭᠳᠠᠭᠰᠠᠨ ᠤ 2230 ᠵᠢᠯ ᠦᠨ ᠣᠢ ᠶᠢ ᠲᠣᠬᠢᠶᠠᠯᠳᠤᠭᠤᠯᠤᠨ ᠰᠡᠯᠡᠩᠭᠡ ᠠᠶᠢᠮᠠᠭ ᠤᠨ ᠮᠠᠨᠳᠤᠯ᠂ ᠲᠥᠪ ᠠᠶᠢᠮᠠᠭ ᠤᠨ ᠪᠣᠷᠣᠨᠠᠭᠤᠷ᠂ ᠪᠠᠲᠤᠰᠦ᠋ᠮᠪᠤᠷ ᠰᠤᠮᠤ ᠶᠢᠨ ᠨᠤᠲᠤᠭ ᠳᠡᠪᠢᠰᠬᠡᠷ ᠲᠦ ᠪᠠᠶᠢᠷᠢᠯᠠᠬᠤ ᠨᠣᠶᠠᠨ ᠠᠭᠤᠯᠠ ᠶᠢ ᠲᠥᠷᠥ ᠶᠢᠨ ᠲᠠᠬᠢᠯᠭ᠎ᠠ ᠲᠠᠢ ᠪᠣᠯᠭᠠᠰᠤᠭᠠᠢ᠃ ᠮᠣᠩᠭᠣᠯ ᠤᠨ ᠲᠤᠯᠭᠤᠷ ᠲᠥᠷᠥ᠂ ᠾᠦᠩᠨᠤ ᠳᠡᠭᠡᠳᠦᠰ ᠦᠨ ᠲᠡᠦᠬᠡ ᠴᠠᠳᠢᠭ᠂ ᠥᠪ ᠰᠤᠶᠤᠯ ᠢ ᠰᠤᠳᠤᠯᠵᠤ ᠲᠣᠭᠲᠠᠭᠠᠬᠤ᠂ ᠬᠠᠳᠠᠭᠠᠯᠠᠵᠤ ᠬᠠᠮᠠᠭᠠᠯᠠᠬᠤ᠂ ᠰᠤᠷᠲᠠᠯᠴᠢᠯᠠᠨ ᠲᠠᠨᠢᠭᠤᠯᠬᠤ ᠠᠵᠢᠯ ᠢ ᠭᠦᠨᠵᠡᠭᠡᠶᠢᠷᠡᠭᠦᠯᠬᠦ᠂ ᠥᠷᠭᠡᠵᠢᠭᠦᠯᠬᠦ ᠶᠢ ᠲᠥᠷᠥ ᠶᠢᠨ ᠪᠠ ᠲᠥᠷᠥ ᠶᠢᠨ ᠪᠤᠰᠤ᠂ ᠡᠷᠳᠡᠮ ᠰᠢᠨᠵᠢᠯᠡᠭᠡᠨ ᠦ ᠪᠣᠯᠤᠨ ᠲᠡᠦᠬᠡ ᠰᠤᠶᠤᠯ ᠤᠨ ᠪᠠᠶᠢᠭᠤᠯᠤᠯᠭ᠎ᠠ ᠨᠤᠭᠤᠳ᠂ ᠠᠷᠠᠳ ᠢᠷᠭᠡᠳ ᠲᠦ ᠤᠷᠢᠶᠠᠯᠠᠰᠤᠭᠠᠢ ᠭᠡᠵᠡᠢ᠃

ᠰᠡᠳᠬᠢᠭᠳᠡᠯ ᠦᠯᠡᠳᠡᠭᠡᠬᠦ