242 ᠬᠡᠷᠡᠭ ᠲᠦ ᠶᠠᠯᠠᠯᠠᠬᠤ ᠳ᠋ᠦᠩᠨᠡᠯᠲᠡ ᠦᠢᠯᠡᠳᠦᠨ ᠰᠢᠭᠦᠬᠦ ᠳᠦ ᠰᠢᠯᠵᠢᠭᠦᠯᠦᠯ᠎ᠡ | News.MN

242 ᠬᠡᠷᠡᠭ ᠲᠦ ᠶᠠᠯᠠᠯᠠᠬᠤ ᠳ᠋ᠦᠩᠨᠡᠯᠲᠡ ᠦᠢᠯᠡᠳᠦᠨ ᠰᠢᠭᠦᠬᠦ ᠳᠦ ᠰᠢᠯᠵᠢᠭᠦᠯᠦᠯ᠎ᠡ

 

ᠥᠩᠭᠡᠷᠡᠭᠰᠡᠨ ᠳᠣᠯᠣᠭ᠎ᠠ ᠬᠣᠨᠣᠭ ᠲᠤ 2069 ᠬᠡᠷᠡᠭ ᠦᠨ ᠮᠥᠷᠳᠡᠨ ᠪᠠᠶᠢᠴᠠᠭᠠᠯᠲᠠ ᠶᠢᠨ ᠠᠵᠢᠯᠯᠠᠭᠠᠨ ᠳᠤ ᠬᠢᠨᠠᠯᠲᠠ ᠲᠠᠯᠪᠢᠵᠤ᠂ 242 ᠬᠡᠷᠡᠭ ᠲᠦ ᠶᠠᠯᠠᠯᠠᠬᠤ ᠳ᠋ᠦᠩᠨᠡᠯᠲᠡ ᠦᠢᠯᠡᠳᠦᠨ ᠰᠢᠭᠦᠬᠦ ᠳᠦ ᠰᠢᠯᠵᠢᠭᠦᠯᠦᠭᠰᠡᠨ ᠪᠠᠶᠢᠨ᠎ᠠ᠃ ᠪᠠᠢᠴᠠᠭᠠᠬᠤ ᠪᠠᠶᠢᠭᠤᠯᠤᠯᠭ᠎ᠠ ᠵᠢᠷᠭᠤᠳᠤᠭᠠᠷ ᠰᠠᠷ᠎ᠠ ᠶᠢᠨ 14-18 ᠪᠤᠶᠤ ᠥᠩᠭᠡᠷᠡᠭᠰᠡᠨ ᠳᠣᠯᠣᠭ᠎ᠠ ᠬᠣᠨᠣᠭ ᠲᠤ ᠬᠡᠷᠡᠭ ᠬᠢᠨᠠᠨ ᠰᠢᠢᠳᠪᠦᠷᠢᠯᠡᠬᠦ ᠠᠵᠢᠯᠯᠠᠭᠠᠨ ᠳᠤ ᠣᠷᠣᠯᠴᠠᠭᠴᠢᠳ ᠠᠴᠠ ᠭᠠᠷᠭᠠᠭᠰᠠᠨ 143 ᠭᠣᠮᠣᠳᠠᠯ ᠬᠦᠰᠡᠯᠲᠡ ᠶᠢ ᠰᠢᠢᠳᠪᠦᠷᠢᠯᠡᠵᠦ᠂ ᠮᠥᠷᠳᠡᠭᠴᠢ ᠪᠣᠯᠤᠨ ᠵᠥᠷᠢᠴᠡᠯ ᠦᠨ ᠬᠡᠷᠡᠭ ᠪᠦᠷᠢᠳᠬᠡᠬᠦ ᠡᠷᠬᠡ ᠪᠦᠬᠦᠢ ᠠᠯᠪᠠᠨ ᠲᠤᠰᠢᠶᠠᠯᠲᠠᠨ ᠳᠤ ᠲᠣᠳᠣᠷᠬᠠᠢ ᠠᠵᠢᠯᠯᠠᠭ᠎ᠠ ᠭᠦᠢᠴᠡᠳᠬᠡᠭᠦᠯᠬᠦ ᠪᠡᠷ 338 ᠳᠠᠭᠠᠭᠠᠯᠭᠠᠪᠤᠷᠢ ᠪᠢᠴᠢᠭ ᠢᠶᠡᠷ ᠥᠭᠭᠦᠭᠰᠡᠨ ᠪᠠᠶᠢᠨ᠎ᠠ᠃
ᠭᠡᠮᠲᠦ ᠬᠡᠷᠡᠭ᠂ ᠵᠥᠷᠢᠴᠡᠯ ᠭᠠᠷᠬᠤ ᠳᠤ ᠨᠥᠯᠦᠭᠡᠯᠡᠭᠰᠡᠨ ᠰᠢᠯᠲᠠᠭᠠᠨ᠂ ᠨᠥᠬᠥᠴᠡᠯ ᠢ ᠠᠷᠢᠯᠭᠠᠭᠤᠯᠬᠤ ᠪᠠᠷ ᠪᠠᠶᠢᠭᠤᠯᠤᠯᠭ᠎ᠠ᠂ ᠠᠯᠪᠠᠨ ᠲᠤᠰᠢᠶᠠᠯᠲᠠᠨ ᠳᠤ 16 ᠮᠡᠳᠡᠭᠳᠡᠯ᠂ ᠵᠥᠷᠢᠴᠡᠯ ᠰᠢᠯᠭᠠᠨ ᠰᠢᠢᠳᠪᠦᠷᠢᠯᠡᠬᠦ᠂ ᠬᠡᠷᠡᠭ ᠪᠦᠷᠢᠳᠬᠡᠬᠦ᠂ ᠮᠥᠷᠳᠡᠨ ᠪᠠᠶᠢᠴᠠᠭᠠᠬᠤ᠂ ᠶᠠᠯ᠎ᠠ ᠡᠳ᠋ᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠶᠠᠪᠤᠴᠠ ᠳᠤ ᠭᠠᠷᠤᠭᠰᠠᠨ ᠵᠥᠷᠢᠴᠡᠯ᠂ ᠲᠡᠭᠦᠨ ᠳᠦ ᠨᠥᠯᠦᠭᠡᠯᠡᠭᠰᠡᠨ ᠰᠢᠯᠲᠠᠭᠠᠨ᠂ ᠨᠥᠬᠥᠴᠡᠯ ᠢ ᠠᠷᠢᠯᠭᠠᠭᠤᠯᠬᠤ ᠪᠠᠷ ᠬᠢᠨᠠᠯᠲᠠ ᠶᠢᠨ ᠬᠠᠷᠢᠶ᠎ᠠ ᠪᠠᠶᠢᠭᠤᠯᠤᠯᠭ᠎ᠠ ᠨᠤᠭᠤᠳ ᠲᠤ ᠳᠤᠯᠤᠭᠠᠨ ᠱᠠᠭᠠᠷᠳᠠᠯᠭ᠎ᠠ ᠲᠤᠰ ᠲᠤᠰ ᠪᠢᠴᠢᠵᠦ ᠬᠦᠷᠭᠡᠭᠦᠯᠵᠡᠢ᠃

ᠰᠡᠳᠬᠢᠭᠳᠡᠯ ᠦᠯᠡᠳᠡᠭᠡᠬᠦ