Invest in Mongolia – Seoul 2021 ᠮᠣᠩᠭᠣᠯ᠂ ᠰᠣᠯᠣᠩᠭᠣᠰ ᠤᠨ ᠪᠢᠽᠢᠨᠧᠰ ᠹᠣᠷᠣᠮ ᠢ ᠦᠨᠳᠦᠰᠦᠨ ᠦ ᠬᠥᠭᠵᠢᠯ ᠦᠨ ᠭᠠᠵᠠᠷ ᠠᠴᠠ ᠵᠣᠬᠢᠶᠠᠨ ᠪᠠᠶᠢᠭᠤᠯᠵᠤ ᠪᠠᠶᠢᠨ᠎ᠠ᠃ ᠲᠤᠰ ᠹᠣᠷᠣᠮ ᠨᠢ ᠮᠣᠩᠭᠣᠯ᠂ ᠰᠣᠯᠣᠩᠭᠣᠰ ᠬᠣᠶᠠᠷ ᠤᠯᠤᠰ ᠤᠨ ᠬᠠᠮᠲᠤ ᠶᠢᠨ ᠠᠵᠢᠯᠯᠠᠭ᠎ᠠ ᠶᠢ ᠡᠳ᠋ ᠦᠨ ᠵᠠᠰᠠᠭ᠂ ᠬᠥᠷᠥᠩᠭᠡ ᠣᠷᠣᠭᠤᠯᠤᠯᠲᠠ ᠶᠢᠨ ᠰᠠᠯᠪᠤᠷᠢ ᠳᠤ ᠥᠷᠭᠡᠵᠢᠭᠦᠯᠬᠦ᠂ ᠰᠣᠯᠣᠩᠭᠣᠰ ᠤᠨ ᠬᠥᠷᠥᠩᠭᠡ ᠣᠷᠣᠭᠤᠯᠤᠭᠴᠢ᠂ ᠪᠢᠽᠢᠨᠧᠰ ᠡᠷᠬᠢᠯᠡᠭᠴᠢᠳ ᠲᠦ ᠮᠣᠩᠭᠣᠯ ᠤᠯᠤᠰ ᠤᠨ ᠬᠥᠷᠥᠩᠭᠡ ᠣᠷᠣᠭᠤᠯᠤᠯᠲᠠ᠂ ᠪᠢᠽᠢᠨᠧᠰ ᠦᠨ ᠣᠷᠴᠢᠨ ᠤ ᠰᠡᠭᠦᠯ ᠦᠨ ᠦᠶ᠎ᠡ ᠶᠢᠨ ᠮᠡᠳᠡᠭᠡᠯᠡᠯ ᠢ ᠬᠦᠷᠭᠡᠬᠦ ᠶᠤᠮ ᠪᠠᠶᠢᠨ᠎ᠠ᠃ ᠮᠥᠨ ᠬᠥᠷᠥᠩᠭᠡ ᠣᠷᠣᠭᠤᠯᠤᠯᠲᠠ ᠡᠷᠢᠯᠬᠢᠯᠡᠭᠰᠡᠨ ᠪᠣᠯᠤᠮᠵᠢᠲᠤ ᠲᠥᠰᠥᠯ ᠦᠳ ᠢ ᠲᠠᠨᠢᠯᠴᠠᠭᠤᠯᠬᠤ ᠵᠣᠷᠢᠯᠭ᠎ᠠ ᠲᠠᠢ᠃
ᠴᠠᠷ᠎ᠠ ᠲᠠᠬᠤᠯ ᠤᠨ ᠤᠯᠠᠮ ᠠᠴᠠ ᠹᠣᠷᠣᠮ ᠢ 2021 ᠣᠨ ᠤ 6 ᠳ᠋ᠤᠭᠠᠷ ᠰᠠᠷ᠎ᠠ ᠶᠢᠨ 23 ᠳᠦ ᠴᠠᠬᠢᠮ ᠢᠶᠠᠷ ᠵᠣᠬᠢᠶᠠᠨ ᠪᠠᠶᠢᠭᠤᠯᠬᠤ ᠪᠠᠷ ᠲᠥᠯᠥᠪᠯᠡᠵᠦ ᠪᠡᠯᠡᠳᠬᠡᠯ ᠠᠵᠢᠯ ᠢ ᠬᠠᠩᠭᠠᠵᠠᠢ᠃ ᠲᠤᠰ ᠬᠤᠷᠠᠯ ᠢ ᠦᠨᠳᠦᠰᠦᠨ ᠦ ᠬᠥᠭᠵᠢᠯ ᠦᠨ ᠭᠠᠵᠠᠷ᠂ ᠳᠡᠯᠡᠬᠡᠢ ᠶᠢᠨ ᠪᠠᠩᠬᠢ ᠭᠷᠦ᠋ᠫ ᠤᠨ ᠣᠯᠠᠨ ᠤᠯᠤᠰ ᠤᠨ ᠰᠠᠩᠬᠦᠦ ᠶᠢᠨ ᠺᠤᠷᠫᠤᠷᠠᠼ᠂ ᠰᠣᠯᠣᠩᠭᠣᠰ ᠤᠨ ᠭᠠᠳᠠᠭᠠᠳᠤ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠶᠢ ᠳᠡᠮᠵᠢᠬᠦ ᠠᠭᠧᠨᠲᠯᠢᠭ ᠂ ᠮᠣᠩᠭᠣᠯ ᠤᠯᠤᠰ ᠠᠴᠠ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ᠂ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ᠂ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ ᠬᠤᠳᠠᠯᠳᠤᠭ᠎ᠠ᠂ ᠠᠵᠤ ᠦᠢᠯᠡᠳᠪᠦᠷᠢ᠂ ᠡᠷᠴᠢᠮ ᠬᠦᠴᠦᠨ ᠦ ᠶᠠᠮᠤᠨ ᠲᠠᠢ ᠬᠠᠮᠲᠤᠷᠠᠨ ᠵᠣᠬᠢᠶᠠᠨ ᠪᠠᠶᠢᠭᠤᠯᠤᠨ᠎ᠠ᠃