ᠳᠣᠯᠣᠭᠠᠨ ᠬᠠᠷᠴᠠᠭᠠᠢ ᠴᠣᠯᠠᠲᠠᠨ ᠤ ᠰᠡᠷᠭᠦᠭᠡᠰᠢ ᠶᠢᠨ ᠰᠢᠨᠵᠢᠯᠡᠭᠡᠨ ᠦ ᠬᠠᠷᠢᠭᠤ ᠰᠥᠷᠭᠦ ᠭᠠᠷᠴᠠᠢ | News.MN

ᠳᠣᠯᠣᠭᠠᠨ ᠬᠠᠷᠴᠠᠭᠠᠢ ᠴᠣᠯᠠᠲᠠᠨ ᠤ ᠰᠡᠷᠭᠦᠭᠡᠰᠢ ᠶᠢᠨ ᠰᠢᠨᠵᠢᠯᠡᠭᠡᠨ ᠦ ᠬᠠᠷᠢᠭᠤ ᠰᠥᠷᠭᠦ ᠭᠠᠷᠴᠠᠢ

 

ᠮᠣᠩᠭᠣᠯ ᠤᠯᠤᠰ ᠤᠨ ᠬᠠᠷᠴᠠᠭᠠᠢ ᠴᠣᠯᠠ ᠲᠠᠢ ᠪᠥᠬᠡᠴᠦᠳ ᠥᠪᠡᠷᠰᠡᠳ ᠦᠨ ᠰᠠᠨᠠᠭᠠᠴᠢᠯᠠᠭ᠎ᠠ ᠪᠠᠷ ᠰᠡᠷᠭᠦᠭᠡᠰᠢ ᠶᠢᠨ ᠬᠢᠨᠠᠯᠲᠠ ᠶᠢᠨ ᠰᠢᠨᠵᠢᠯᠡᠭᠡ ᠥᠭᠴᠡᠢ᠃ ᠰᠢᠨᠵᠢᠯᠡᠭᠡ ᠪᠡᠷ ᠲᠡᠳᠡᠨ ᠡᠴᠡ ᠰᠡᠷᠭᠦᠭᠡᠰᠢ ᠶᠢᠨ ᠲᠥᠷᠥᠯ ᠦᠨ ᠪᠣᠳᠠᠰ ᠢᠯᠡᠷᠡᠭᠡ ᠦᠭᠡᠢ ᠭᠡᠵᠦ ᠮᠣᠩᠭᠣᠯ ᠤᠨ ᠦᠨᠳᠦᠰᠦᠨ ᠦ ᠪᠥᠬᠡ ᠶᠢᠨ ᠬᠣᠯᠪᠣᠭ᠎ᠠ ᠮᠡᠳᠡᠭᠡᠯᠡᠯ᠎ᠡ᠃ ᠲᠤᠰ ᠮᠡᠳᠡᠭᠡᠯᠡᠯ ᠳᠦ᠄ ᠮᠣᠩᠭᠣᠯ ᠤᠯᠤᠰ ᠤᠨ ᠬᠠᠷᠴᠠᠭᠠᠢ ᠴᠣᠯᠠ ᠲᠠᠢ ᠪᠥᠬᠡᠴᠦᠳ 2021 ᠣᠨ ᠤ 03 ᠳ᠋ᠤᠭᠠᠷ ᠰᠠᠷ᠎ᠠ ᠶᠢᠨ 31 ᠦ ᠡᠳᠦᠷ ᠵᠢᠷᠭᠤᠭᠠᠨ ᠪᠥᠬᠡ᠂  ᠲᠠᠬᠤᠯ ᠤᠨ ᠤᠯᠠᠮ ᠠᠴᠠ ᠨᠢᠭᠡ ᠪᠥᠬᠡ 2021 ᠣᠨ ᠤ 05 ᠳ᠋ᠤᠭᠠᠷ ᠰᠠᠷ᠎ᠠ ᠶᠢᠨ 13 ᠳᠤ ᠥᠭᠭᠦᠭᠰᠡᠨ ᠪᠣᠯᠤᠨ᠎ᠠ᠃
ᠣᠯᠠᠨ ᠤᠯᠤᠰ ᠤᠨ ᠰᠡᠷᠭᠦᠭᠡᠰᠢ ᠶᠢᠨ ᠡᠰᠡᠷᠭᠦ ᠪᠠᠶᠢᠭᠤᠯᠤᠯᠭ᠎ᠠ ᠶᠢᠨ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠳᠠᠬᠢ ᠢᠲᠡᠭᠡᠮᠵᠢᠯᠡᠭᠰᠡᠨ ᠯᠠᠪᠤᠷᠠᠲ᠋ᠣᠷᠢ ᠡᠳᠡᠭᠡᠷ ᠪᠥᠬᠡ ᠶᠢᠨ ᠰᠢᠨᠵᠢᠯᠡᠭᠡᠨ ᠦ ᠬᠠᠷᠢᠭᠤ ᠶᠢ ᠮᠣᠩᠭᠣᠯ ᠤᠨ ᠦᠨᠳᠦᠰᠦᠨ ᠦ ᠪᠥᠬᠡ ᠶᠢᠨ ᠬᠣᠯᠪᠣᠭ᠎ᠠ ᠳᠦ 2021 ᠣᠨ ᠤ 06 ᠳ᠋ᠤᠭᠠᠷ ᠰᠠᠷ᠎ᠠ ᠶᠢᠨ 21 ᠳᠤ ᠢᠷᠡᠭᠦᠯᠦᠯ᠎ᠡ᠃  ᠲᠡᠳᠡᠨ ᠡᠴᠡ ᠰᠡᠷᠭᠦᠭᠡᠰᠢ ᠶᠢᠨ ᠲᠥᠷᠥᠯ ᠦᠨ ᠶᠠᠮᠠᠷ ᠨᠢᠭᠡᠨ ᠪᠣᠳᠠᠰ ᠢᠯᠡᠷᠡᠭᠡ ᠦᠭᠡᠢ ᠪᠠᠶᠢᠨ᠎ᠠ᠃ ᠴᠡᠪᠡᠷ᠂ ᠰᠢᠳᠤᠷᠭᠤ ᠥᠷᠢᠰᠦᠯᠳᠦᠭᠡᠨ ᠢ ᠤᠷᠢᠶᠠᠯᠠᠵᠤ ᠪᠠᠶᠢᠭ᠎ᠠ ᠬᠠᠷᠴᠠᠭᠠᠢ ᠨᠠᠷ  ᠲᠤ ᠪᠠᠨ ᠰᠫᠣᠷᠲ ᠤᠨ ᠥᠨᠳᠥᠷ ᠠᠮᠵᠢᠯᠲᠠ ᠬᠦᠰᠡᠶ᠎ᠡ ᠭᠡᠵᠡᠢ᠃

ᠰᠡᠳᠬᠢᠭᠳᠡᠯ ᠦᠯᠡᠳᠡᠭᠡᠬᠦ