ᠮᠣᠩᠭᠣᠯ᠂ ᠣᠷᠣᠰ ᠤᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠤᠯᠢᠯᠴᠠᠪᠠ | News.MN

ᠮᠣᠩᠭᠣᠯ᠂ ᠣᠷᠣᠰ ᠤᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠤᠯᠢᠯᠴᠠᠪᠠ

 

ᠤᠯᠤᠰ ᠤᠨ ᠶᠡᠬᠡ ᠬᠤᠷᠠᠯ  ᠤᠨ ᠭᠡᠰᠢᠭᠦᠨ᠂ ᠠᠶᠤᠯᠭᠦᠢ ᠪᠠᠶᠢᠳᠠᠯ᠂ ᠭᠠᠳᠠᠭᠠᠳᠤ ᠪᠣᠳᠣᠯᠭ᠎ᠠ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠪ ∙ ᠪᠠᠲᠤᠲᠡᠮᠦᠷ ᠣᠷᠣᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠢ᠊∙ᠺ∙ᠠᠽᠢᠽᠣᠪ ᠢ ᠥᠨᠥᠳᠥᠷ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠪᠠᠷ ᠬᠣᠶᠠᠷ ᠣᠷᠣᠨ ᠤ ᠪᠣᠯᠤᠨ ᠫᠠᠷᠯᠠᠮᠧᠨᠲ ᠤᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠤᠯᠢᠯᠴᠠᠪᠠ᠃ ᠠᠭᠤᠯᠵᠠᠯᠲᠠ ᠶᠢᠨ ᠡᠬᠢᠨ ᠳᠦ ᠪ∙ᠪᠠᠲᠤᠲᠡᠮᠦᠷ ᠤᠯᠠᠮᠵᠢᠯᠠᠯᠲᠤ᠂ ᠨᠠᠶᠢᠷᠰᠠᠭ ᠬᠥᠷᠰᠢ ᠶᠢᠨ ᠬᠠᠷᠢᠯᠴᠠᠭ᠎ᠠ᠂ ᠬᠠᠷᠢᠯᠴᠠᠨ ᠠᠰᠢᠭᠲᠠᠢ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠭᠠᠳᠠᠭᠠᠳᠤ ᠪᠣᠳᠣᠯᠭ᠎ᠠ ᠶᠢᠨ ᠲᠡᠷᠢᠭᠦᠯᠡᠬᠦ ᠴᠢᠭᠯᠡᠯ ᠦᠨ ᠬᠦᠷᠢᠶᠡᠨ ᠳᠦ ᠮᠣᠩᠭᠣᠯ᠂ ᠣᠷᠣᠰ ᠤᠨ ᠰᠲᠷᠠᠲ᠋ᠧᠭᠢ ᠶᠢᠨ ᠲᠦᠩᠰᠢᠯᠡᠯ ᠢᠵᠢ ᠪᠦᠷᠢᠨ ᠰᠲᠷᠠᠲ᠋ᠧᠭᠢ ᠶᠢᠨ ᠲᠦᠩᠰᠢᠯᠡᠯ ᠦᠨ ᠴᠢᠨᠠᠷ ᠤᠨ ᠰᠢᠨ᠎ᠡ ᠲᠦᠪᠰᠢᠨ ᠳᠦ ᠭᠠᠷᠴᠤ ᠪᠤᠢ ᠳᠤ ᠪᠠᠶᠠᠷ ᠲᠠᠢ ᠪᠠᠶᠢᠭ᠎ᠠ ᠪᠠᠨ ᠢᠯᠡᠷᠬᠡᠶᠢᠯᠡᠪᠡ᠃
ᠠᠭᠤᠯᠵᠠᠯᠲᠠ ᠶᠢᠨ ᠦᠶ᠎ᠡ ᠪᠡᠷ ᠡᠨᠡ ᠰᠠᠷ᠎ᠠ ᠶᠢᠨ 29 ᠳᠦ ᠤᠯᠤᠰ ᠤᠨ ᠶᠡᠬᠡ ᠬᠤᠷᠠᠯ ᠤᠨᠠᠶᠤᠯᠭᠦᠢ ᠪᠠᠶᠢᠳᠠᠯ᠂ ᠭᠠᠳᠠᠭᠠᠳᠤ ᠪᠣᠳᠣᠯᠭ᠎ᠠ ᠶᠢᠨ ᠪᠠᠶᠢᠩᠭᠤ ᠶᠢᠨ ᠬᠣᠷᠢᠶ᠎ᠠ᠂ ᠬᠣᠯᠪᠣᠭᠠᠨ ᠤ ᠵᠥᠪᠯᠡᠯ ᠦᠨ ᠣᠯᠠᠨ ᠤᠯᠤᠰ ᠤᠨ ᠠᠰᠠᠭᠤᠳᠠᠯ ᠡᠷᠬᠢᠯᠡᠭᠰᠡᠨ ᠬᠣᠷᠢᠶ᠎ᠠ ᠲᠠᠢ ᠬᠠᠮᠲᠤᠷᠠᠨ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 100 ᠵᠢᠯ ᠦᠨ ᠣᠢ ᠶᠢᠨ ᠬᠦᠷᠢᠶᠡᠨ ᠳᠦ ᠬᠢᠬᠦ ᠴᠠᠬᠢᠮ ᠠᠭᠤᠯᠵᠠᠯᠲᠠ ᠶᠢᠨ ᠲᠠᠯ᠎ᠠ ᠪᠠᠷ ᠰᠠᠨᠠᠯ ᠰᠤᠯᠢᠯᠴᠠᠪᠠ᠃ ᠮᠥᠨ ᠬᠣᠶᠠᠷ ᠤᠯᠤᠰ ᠤᠨ ᠠᠭᠤᠯᠠ ᠠᠭᠤᠷᠬᠠᠢ᠂ ᠲᠡᠭᠡᠭᠡᠪᠦᠷᠢ᠂ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭ᠎ᠠ᠂ ᠬᠤᠳᠠᠯᠳᠤᠭᠠᠨ ᠤ ᠲᠠᠯ᠎ᠠ ᠪᠠᠷ ᠪᠣᠯᠤᠨ ᠬᠠᠮᠲᠤᠷᠠᠨ ᠬᠡᠷᠡᠭᠵᠢᠭᠦᠯᠵᠦ ᠪᠤᠢ ᠲᠣᠮᠣᠬᠠᠨ ᠲᠥᠰᠥᠯ ᠦᠳ ᠦᠨ ᠶᠠᠪᠤᠴᠠ᠂ ᠰᠢᠨᠡᠴᠢᠯᠡᠯ ᠦᠨ ᠲᠠᠯ᠎ᠠ ᠪᠠᠷ ᠶᠠᠷᠢᠯᠴᠠᠯ᠎ᠠ᠃

ᠰᠡᠳᠬᠢᠭᠳᠡᠯ ᠦᠯᠡᠳᠡᠭᠡᠬᠦ