ᠴᠢᠴᠠᠷᠭᠠᠨ᠎ᠠ᠂ ᠪᠢᠤ᠋ ᠪᠣᠷᠳᠣᠭ᠎ᠠ᠂  ᠬᠤᠱᠢ ᠶᠢᠨ ᠰᠠᠮᠤᠷ ᠢ ᠧᠦ᠋ᠷᠣᠫᠠ ᠳᠦ ᠭᠠᠷᠭᠠᠬᠤ ᠪᠣᠯᠤᠮᠵᠢ ᠲᠠᠢ | News.MN

ᠴᠢᠴᠠᠷᠭᠠᠨ᠎ᠠ᠂ ᠪᠢᠤ᠋ ᠪᠣᠷᠳᠣᠭ᠎ᠠ᠂  ᠬᠤᠱᠢ ᠶᠢᠨ ᠰᠠᠮᠤᠷ ᠢ ᠧᠦ᠋ᠷᠣᠫᠠ ᠳᠦ ᠭᠠᠷᠭᠠᠬᠤ ᠪᠣᠯᠤᠮᠵᠢ ᠲᠠᠢ

 

ᠮᠣᠩᠭᠣᠯ ᠤᠯᠤᠰ ᠧᠦ᠋ᠷᠣᠫᠠ ᠶᠢᠨ ᠬᠣᠯᠪᠣᠭ᠎ᠠ ᠤᠷᠤᠭᠤ ᠭᠠᠷᠭᠠᠬᠤ ᠠᠮᠢᠲᠠᠨ᠂ ᠤᠷᠭᠤᠮᠠᠯ ᠤᠨ ᠭᠠᠷᠤᠯᠲᠠᠢ 18 ᠨᠡᠷ᠎ᠡ ᠲᠥᠷᠥᠯ ᠦᠨ 70 ᠪᠦᠲᠦᠭᠡᠭᠳᠡᠬᠦᠨ ᠦ ᠵᠢᠭᠰᠠᠭᠠᠯᠲᠠ ᠶᠢ 2020 ᠣᠨ ᠳᠤ ᠧᠦ᠋ᠷᠣᠫᠠ ᠶᠢᠨ ᠺᠣᠮᠢᠰ ᠲᠤ ᠬᠦᠷᠭᠡᠭᠦᠯᠦᠭᠰᠡᠨ᠃ ᠲᠤᠬᠠᠶᠢᠯᠠᠪᠠᠯ᠂ ᠴᠢᠴᠠᠷᠭᠠᠨ᠎ᠠ᠂ ᠴᠢᠴᠠᠷᠭᠠᠨ᠎ᠠ ᠶᠢᠨ ᠪᠦᠲᠦᠭᠡᠭᠳᠡᠬᠦᠨ᠂ ᠬᠣᠨᠢᠨ ᠤ ᠨᠣᠣᠰᠣ ᠪᠠᠷ ᠬᠢᠭᠰᠡᠨ ᠪᠢᠤ᠋ ᠪᠣᠷᠳᠣᠭ᠎ᠠ᠂ ᠬᠤᠱᠢ ᠶᠢᠨ ᠰᠠᠮᠤᠷ᠂ ᠭᠣᠸ᠎ᠠ ᠰᠠᠶᠢᠬᠠᠨ ᠤ ᠪᠦᠲᠦᠭᠡᠭᠳᠡᠬᠦᠨ᠂ ᠠᠷᠠᠰᠤ ᠰᠢᠷᠢ᠂ ᠨᠣᠣᠰᠣ᠂ ᠤᠲᠠᠰᠤ᠂ ᠳᠠᠪᠤᠤ᠂ ᠰᠠᠷᠯᠤᠭ ᠤᠨ ᠬᠦᠭᠡᠪᠤᠷ᠂ ᠲᠣᠷᠮᠣᠨ ᠤ ᠨᠣᠣᠰᠣ ᠮᠥᠨ ᠳᠠᠶᠢᠪᠤᠷᠢ ᠮᠢᠬ᠎ᠠ᠂ ᠨᠥᠭᠡᠰᠢᠯᠡᠭᠰᠡᠨ ᠪᠦᠲᠦᠭᠡᠭᠳᠡᠬᠦᠨ᠂ ᠥᠯᠥᠨ ᠭᠡᠳᠡᠰᠦ ᠪᠣᠯᠤᠨ ᠪᠤᠰᠤᠳ ᠪᠦᠲᠦᠭᠡᠭᠳᠡᠬᠦᠨ ᠢ ᠧᠦ᠋ᠷᠣᠫᠠ ᠶᠢᠨ ᠬᠣᠯᠪᠣᠭᠠᠨ ᠤ ᠵᠠᠬ᠎ᠠ ᠵᠡᠭᠡᠯᠢ ᠳᠦ ᠡᠺᠰᠫᠣᠷᠲᠯᠠᠬᠤ᠂ ᠡᠺᠰᠫᠣᠷᠲ ᠢ ᠨᠡᠮᠡᠭᠳᠡᠭᠦᠯᠬᠦ ᠪᠣᠯᠤᠮᠵᠢ ᠲᠠᠢ ᠭᠡᠵᠦ ᠦᠵᠡᠵᠦ ᠪᠠᠶᠢᠨ᠎ᠠ᠃
ᠮᠣᠩᠭᠣᠯ ᠤᠯᠤᠰ᠂ ᠧᠦ᠋ᠷᠣᠫᠠ ᠶᠢᠨ ᠬᠣᠯᠪᠣᠭ᠎ᠠ ᠬᠣᠭᠣᠷᠣᠨᠳᠣ ᠶᠢᠨ ᠠᠮᠢᠲᠠᠨ᠂ ᠤᠷᠭᠤᠮᠠᠯ ᠤᠨ ᠡᠷᠡᠭᠦᠯ ᠠᠬᠤᠢ ᠶᠢᠨ ᠠᠷᠭ᠎ᠠ ᠬᠡᠮᠵᠢᠶᠡᠨ ᠦ ᠠᠰᠠᠭᠤᠳᠠᠯ ᠢᠶᠠᠷ ᠠᠯᠪᠠᠨ ᠶᠣᠰᠣᠨ ᠤ ᠠᠩᠬᠠᠳᠤᠭᠠᠷ ᠠᠭᠤᠯᠵᠠᠯᠲᠠ ᠶᠢ 2021 ᠣᠨ ᠤ ᠵᠢᠷᠭᠤᠳᠤᠭᠠᠷ ᠰᠠᠷ᠎ᠠ ᠶᠢᠨ 21 ᠳᠤ ᠵᠣᠬᠢᠶᠠᠨ ᠪᠠᠶᠢᠭᠤᠯᠤᠯ᠎ᠠ᠃ ᠲᠤᠰ ᠠᠭᠤᠯᠵᠠᠯᠲᠠ ᠪᠠᠷ ᠧᠦ᠋ᠷᠣᠫᠠ ᠶᠢᠨ  ᠬᠤᠯᠪᠤᠭᠠᠨ ᠤ ᠵᠠᠬ᠎ᠠ ᠵᠡᠭᠡᠯᠢ ᠳᠦ ᠡᠳᠡᠭᠡᠷ ᠪᠦᠲᠦᠭᠡᠭᠳᠡᠬᠦᠨ ᠢ ᠭᠠᠷᠭᠠᠬᠤ ᠳᠤ ᠲᠠᠯᠪᠢᠭᠳᠠᠬᠤ ᠱᠠᠭᠠᠷᠳᠠᠯᠭ᠎ᠠ᠂ ᠬᠣᠯᠪᠣᠭᠳᠠᠬᠤ ᠵᠢᠷᠤᠮ ᠤᠨ ᠲᠠᠯ᠎ᠠ ᠪᠠᠷ ᠮᠡᠳᠡᠭᠡᠯᠡᠯ ᠰᠤᠯᠢᠯᠴᠠᠬᠤ᠂ ᠬᠠᠮᠲᠤᠷᠠᠨ ᠠᠵᠢᠯᠯᠠᠬᠤ᠂ ᠲᠤᠯᠭᠠᠮᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠤᠮ᠃
ᠵᠥᠪᠯᠡᠯᠳᠦᠬᠦ ᠠᠭᠤᠯᠵᠠᠯᠲᠠ ᠶᠢ ᠬᠠᠭᠠᠰ ᠵᠢᠯ ᠲᠤᠲᠤᠮ ᠬᠢᠬᠦ ᠪᠥᠭᠡᠳ ᠡᠬᠢᠨ ᠦ ᠡᠭᠡᠯᠵᠢ ᠳᠦ ᠧᠦ᠋ᠷᠣᠫᠠ ᠶᠢᠨ ᠬᠣᠯᠪᠣᠭᠠᠨ ᠤ ᠵᠠᠬ᠎ᠠ ᠵᠡᠭᠡᠯᠢ ᠶᠢᠨ ᠱᠠᠭᠠᠷᠳᠠᠯᠭ᠎ᠠ ᠶᠢᠨ ᠳᠠᠭᠠᠤ ᠥᠯᠥᠨ ᠭᠡᠳᠡᠰᠦ᠂ ᠵᠥᠭᠡᠢ ᠶᠢᠨ ᠪᠠᠯ ᠳ᠋ᠡᠬᠢ ᠡᠮ᠂  ᠫᠸᠰᠲ᠋ᠢᠼᠢᠲ ᠦᠨ ᠦᠯᠡᠳᠡᠭᠳᠡᠯ ᠦᠨ ᠬᠢᠨᠠᠬᠤ ᠲᠥᠯᠥᠪᠯᠡᠭᠡ ᠶᠢ ᠪᠣᠯᠪᠠᠰᠤᠷᠠᠩᠭᠤᠢ ᠪᠣᠯᠭᠠᠬᠤ᠂ ᠮᠥᠨ ᠴᠢᠴᠠᠷᠭᠠᠨ᠎ᠠ᠂ ᠬᠣᠨᠢᠨ ᠤ ᠨᠣᠣᠰᠣ ᠪᠠᠷ ᠬᠢᠭᠰᠡᠨ ᠪᠣᠷᠳᠣᠭ᠎ᠠ ᠵᠡᠷᠭᠡ ᠵᠠᠷᠢᠮ ᠪᠦᠲᠦᠭᠡᠭᠳᠡᠬᠦᠨ  ᠳᠦ ᠲᠠᠯᠪᠢᠭᠳᠠᠬᠤ ᠡᠷᠡᠭᠦᠯ ᠠᠬᠤᠢ ᠶᠢᠨ ᠱᠠᠭᠠᠷᠳᠠᠯᠭ᠎ᠠ ᠶᠢ ᠲᠣᠳᠣᠷᠬᠠᠢ ᠪᠣᠯᠭᠠᠵᠤ ᠠᠵᠢᠯᠯᠠᠬᠤ ᠪᠠᠷ ᠲᠣᠭᠲᠠᠪᠠ᠃

ᠰᠡᠳᠬᠢᠭᠳᠡᠯ ᠦᠯᠡᠳᠡᠭᠡᠬᠦ