ᠮᠣᠩᠭᠣᠯ᠂  ᠢᠲ᠋ᠠᠯᠢ ᠶᠢᠨ ᠭᠠᠳᠠᠭᠠᠳᠤ ᠬᠠᠷᠢᠯᠴᠠᠭᠠᠨ ᠤ ᠵᠥᠪᠯᠡᠯᠳᠦᠬᠦ ᠠᠭᠤᠯᠵᠠᠯᠲᠠ ᠪᠣᠯᠪᠠ | News.MN

ᠮᠣᠩᠭᠣᠯ᠂  ᠢᠲ᠋ᠠᠯᠢ ᠶᠢᠨ ᠭᠠᠳᠠᠭᠠᠳᠤ ᠬᠠᠷᠢᠯᠴᠠᠭᠠᠨ ᠤ ᠵᠥᠪᠯᠡᠯᠳᠦᠬᠦ ᠠᠭᠤᠯᠵᠠᠯᠲᠠ ᠪᠣᠯᠪᠠ

 

ᠮᠣᠩᠭᠣᠯ᠂ ᠢᠲ᠋ᠠᠯᠢ  ᠶᠢᠨ ᠭᠠᠳᠠᠭᠠᠳᠤ ᠬᠠᠷᠢᠯᠴᠠᠭᠠᠨ ᠤ ᠶᠠᠮᠤᠨ ᠬᠣᠭᠣᠷᠣᠨᠳᠣ ᠶᠢᠨ ᠤᠯᠤᠰ ᠲᠥᠷᠥ ᠶᠢᠨ ᠵᠥᠪᠯᠡᠯᠳᠦᠬᠦ ᠠᠭᠤᠯᠵᠠᠯᠲᠠ ᠶᠢ 2021 ᠣᠨ ᠤ ᠵᠢᠷᠭᠤᠳᠤᠭᠠᠷ ᠰᠠᠷ᠎ᠠ ᠶᠢᠨ 22  ᠤ ᠡᠳᠦᠷ ᠴᠠᠬᠢᠮ ᠬᠡᠯᠪᠡᠷᠢ ᠪᠡᠷ ᠵᠣᠬᠢᠶᠠᠨ ᠪᠠᠶᠢᠭᠤᠯᠵᠤ᠂ ᠮᠣᠩᠭᠣᠯ ᠤᠨ ᠲᠠᠯ᠎ᠠ ᠠᠴᠠ ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠪ ∙ ᠮᠥᠩᠬᠡᠵᠢᠨ᠂  ᠢᠲ᠋ᠠᠯᠢ ᠶᠢᠨ ᠲᠠᠯ᠎ᠠ ᠠᠴᠠ ᠭᠠᠳᠠᠭᠠᠳᠤ ᠬᠡᠷᠡᠭ᠂ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠳᠡᠳ᠋ ᠰᠠᠶᠢᠳ  ᠮᠠᠨᠯᠢᠶᠤ᠋  ᠳ᠋ᠸ ᠰᠲᠸᠹᠠᠨᠤ᠋ ᠳᠠᠷᠤᠭᠠᠯᠠᠪᠠ᠃
ᠵᠥᠪᠯᠡᠯᠳᠦᠬᠦ ᠠᠭᠤᠯᠵᠠᠯᠲᠠ ᠪᠠᠷ ᠮᠣᠩᠭᠣᠯ᠂ ᠢᠲ᠋ᠠᠯᠢ ᠶᠢᠨ ᠤᠯᠤᠰ ᠲᠥᠷᠥ ᠶᠢᠨ ᠬᠠᠷᠢᠯᠴᠠᠭᠠᠨ ᠤ ᠲᠠᠯ᠎ᠠ ᠪᠠᠷ ᠳᠡᠯᠭᠡᠷᠡᠩᠭᠦᠢ ᠶᠠᠷᠢᠯᠴᠠᠵᠤ᠂ ᠪᠥᠰᠡ ᠨᠤᠲᠤᠭ ᠪᠣᠯᠤᠨ ᠣᠯᠠᠨ ᠤᠯᠤᠰ ᠤᠨ ᠲᠠᠪᠴᠠᠩ ᠳ᠋ᠡᠬᠢ ᠬᠠᠮᠲᠤ ᠶᠢᠨ ᠠᠵᠢᠯᠯᠠᠭᠠᠨ ᠤ ᠬᠠᠷᠢᠯᠴᠠᠨ ᠰᠣᠨᠢᠷᠬᠠᠭᠰᠠᠨ ᠠᠰᠠᠭᠤᠳᠠᠯ ᠢᠶᠠᠷ ᠰᠠᠨᠠᠯ ᠰᠤᠯᠢᠯᠴᠠᠪᠠ᠃

ᠰᠡᠳᠬᠢᠭᠳᠡᠯ ᠦᠯᠡᠳᠡᠭᠡᠬᠦ