ᠮᠣᠩᠭᠣᠯ ᠤᠨ ᠭᠡᠰᠢᠭᠦᠨᠴᠢᠯᠡᠯ ᠢ ᠲᠦᠳᠡᠭᠡᠯᠵᠡᠭᠦᠯᠦᠭᠰᠡᠨ ᠰᠢᠯᠲᠠᠭᠠᠨ ᠲᠣᠳᠣᠷᠬᠠᠢ ᠪᠣᠯᠤᠯ᠎ᠠ | News.MN

ᠮᠣᠩᠭᠣᠯ ᠤᠨ ᠭᠡᠰᠢᠭᠦᠨᠴᠢᠯᠡᠯ ᠢ ᠲᠦᠳᠡᠭᠡᠯᠵᠡᠭᠦᠯᠦᠭᠰᠡᠨ ᠰᠢᠯᠲᠠᠭᠠᠨ ᠲᠣᠳᠣᠷᠬᠠᠢ ᠪᠣᠯᠤᠯ᠎ᠠ

 

ᠳᠡᠯᠡᠬᠡᠢ ᠶᠢᠨ ᠰᠢᠲᠠᠷ᠎ᠠ ᠶᠢᠨ ᠬᠣᠯᠪᠣᠭᠠᠨ ᠤ ᠶᠣᠰᠣ ᠵᠦᠢ᠂ ᠰᠠᠬᠢᠯᠭ᠎ᠠ ᠶᠢᠨ ᠬᠣᠷᠢᠶᠠᠨ ᠤ ᠰᠢᠢᠳᠪᠦᠷᠢ ᠪᠡᠷ ᠳᠡᠯᠡᠬᠡᠢ ᠶᠢᠨ ᠰᠢᠲᠠᠷ᠎ᠠ ᠶᠢᠨ ᠬᠣᠯᠪᠣᠭ᠎ᠠ ᠨᠢ ᠮᠣᠩᠭᠣᠯ ᠤᠨ ᠰᠢᠲᠠᠷ᠎ᠠ ᠶᠢᠨ ᠬᠣᠯᠪᠣᠭᠠᠨ ᠤ  ᠭᠡᠰᠢᠭᠦᠨᠴᠢᠯᠡᠯ ᠢ ᠨᠢᠭᠡ ᠵᠢᠯ ᠦᠨ ᠬᠤᠭᠤᠴᠠᠭ᠎ᠠ ᠲᠠᠢ ᠲᠦᠳᠡᠭᠡᠯᠵᠡᠭᠦᠯᠵᠡᠢ᠃ ᠲᠣᠳᠣᠷᠠᠭᠤᠯᠪᠠᠯ᠂ 2018 ᠣᠨ ᠳᠤ ᠲᠤᠬᠠᠢ ᠶᠢᠨ ᠦᠶ᠎ᠡ ᠶᠢᠨᠮᠤᠩᠭᠤᠯ ᠤᠨ ᠰᠢᠲᠠᠷ᠎ᠠ ᠶᠢᠨ ᠬᠤᠯᠪᠤᠭᠠᠨ ᠤ ᠶᠡᠷᠦᠩᠬᠡᠶᠢᠯᠡᠭᠴᠢ ᠭᠷᠧᠺ ᠤᠯᠤᠰ ᠤᠨ ᠶᠡᠬᠡ ᠮᠠᠰᠲ᠋ᠸᠷ ᠭᠷᠢᠸᠠᠰ ᠲᠠᠢ ᠪᠠᠶᠢᠭᠤᠯᠤᠭᠰᠠᠨ ᠳᠥᠷᠪᠡᠨ ᠨᠣᠮ ᠤᠨ ᠵᠣᠬᠢᠶᠠᠭᠴᠢ ᠶᠢᠨ ᠡᠷᠬᠡ ᠶᠢ ᠬᠤᠳᠠᠯᠳᠤᠨ ᠠᠪᠬᠤ ᠲᠤᠬᠠᠢ ᠭᠡᠷ᠎ᠡ ᠶᠢᠨ 50 ᠬᠤᠪᠢ ᠶᠢᠨ ᠦᠯᠡᠳᠡᠭᠳᠡᠯ ᠲᠥᠯᠥᠪᠦᠷᠢ ᠪᠣᠯᠬᠤ 3000 ᠡᠸᠦ᠋ᠷᠤ᠋ ᠤᠯᠭᠤᠬᠤ ᠡᠭᠦᠷᠭᠡ ᠪᠡᠨ ᠪᠡᠶᠡᠯᠡᠭᠦᠯᠦᠭᠡ ᠦᠭᠡᠢ ᠪᠠᠶᠢᠨ᠎ᠠ᠃ ᠤᠭ ᠠᠰᠠᠭᠤᠳᠠᠯ ᠢᠶᠠᠷ ᠮᠣᠩᠭᠣᠯ ᠤᠨ ᠰᠢᠲᠠᠷ᠎ᠠ ᠶᠢᠨ ᠬᠣᠯᠪᠣᠭᠠᠨ ᠤ ᠤᠳᠤᠷᠢᠳᠬᠤ ᠵᠥᠪᠯᠡᠯ ᠬᠤᠷᠠᠯᠳᠤᠵᠤ ᠳᠠᠷᠠᠭᠠᠬᠢ ᠰᠢᠢᠳᠪᠦᠷᠢ ᠶᠢ ᠭᠠᠷᠭᠠᠯ᠎ᠠ᠃
– ᠮᠣᠩᠭᠣᠯ ᠤᠨ ᠰᠢᠲᠠᠷ᠎ᠠ ᠶᠢᠨ ᠬᠣᠯᠪᠣᠭᠠᠨ ᠤ ᠳᠠᠷᠠᠭ᠎ᠠ ᠶᠢᠨ ᠶᠡᠬᠡ ᠬᠤᠷᠠᠯ ᠢ ᠵᠠᠷᠯᠠᠨ ᠬᠤᠷᠠᠯᠳᠤᠭᠤᠯᠬᠤ ᠬᠦᠷᠲᠡᠯ᠎ᠡ ᠡᠮᠦᠨᠡᠬᠢ ᠤᠳᠤᠷᠢᠳᠤᠯᠭ᠎ᠠ ᠭᠠᠷᠭᠠᠭᠰᠠᠨ ᠠᠯᠳᠠᠭ᠎ᠠ ᠪᠠᠨ ᠵᠠᠰᠠᠬᠤ
– ᠲᠤᠯᠭᠠᠮᠳᠠᠭᠰᠠᠨ ᠠᠰᠠᠭᠤᠳᠠᠯ ᠤᠳ ᠢ ᠰᠢᠢᠳᠪᠦᠷᠢᠯᠡᠬᠦ ᠡᠭᠦᠷᠭᠡ ᠶᠢ ᠠᠵᠢᠯ ᠤᠨ ᠬᠡᠰᠡᠭ ᠦᠳ ᠲᠦ ᠬᠤᠪᠢᠶᠠᠷᠢᠯᠠᠨ ᠵᠣᠬᠢᠶᠠᠨ ᠪᠠᠶᠢᠭᠤᠯᠬᠤ
– ᠲᠡᠷᠢᠭᠦᠨ ᠳᠡᠳ᠋ ᠶᠡᠷᠦᠩᠬᠡᠶᠢᠯᠡᠭᠴᠢ ᠪ∙ᠲᠦᠪᠰᠢᠨ ᠮᠣᠩᠭᠣᠯ ᠤᠨ ᠰᠢᠲᠠᠷ᠎ᠠ ᠶᠢᠨ ᠬᠣᠯᠪᠣᠭᠠᠨ ᠤ ᠭᠡᠰᠢᠭᠦᠨᠴᠢᠯᠡᠯ ᠢ ᠲᠦᠳᠡᠭᠡᠯᠵᠡᠭᠦᠯᠬᠦ ᠳᠦ ᠬᠦᠷᠭᠡᠭᠰᠡᠨ ᠳᠡᠭᠡᠷᠡᠬᠢ ᠭᠡᠷ᠎ᠡ ᠶᠢᠨ ᠦᠯᠡᠳᠡᠭᠳᠡᠯ ᠲᠥᠯᠥᠪᠦᠷᠢ ᠪᠣᠯᠬᠤ 3000 ᠡᠸᠦ᠋ᠷᠤ᠋ ᠶᠢ ᠬᠤᠪᠢ ᠠᠴᠠ ᠪᠠᠨ ᠲᠥᠯᠦᠵᠦ ᠪᠠᠷᠠᠭᠳᠠᠭᠤᠯᠤᠨ᠂ ᠠᠰᠠᠭᠤᠳᠠᠯ ᠢ ᠰᠢᠢᠳᠪᠦᠷᠢᠯᠡᠬᠦ
– ᠮᠣᠩᠭᠣᠯ ᠤᠨ ᠰᠢᠲᠠᠷ᠎ᠠ ᠶᠢᠨ ᠬᠣᠯᠪᠣᠭᠠᠨ ᠤ ᠨᠡᠷ᠎ᠡ ᠶᠢᠨ ᠡᠮᠦᠨ᠎ᠡ ᠡᠴᠡ ᠤᠳᠤᠷᠢᠳᠬᠤ ᠵᠥᠪᠯᠡᠯ ᠦᠨ ᠭᠡᠰᠢᠭᠦᠳ ᠳᠡᠯᠡᠬᠡᠢ ᠶᠢᠨ ᠰᠢᠲᠠᠷ᠎ᠠ ᠶᠢᠨ ᠬᠣᠯᠪᠣᠭ᠎ᠠ ᠪᠣᠯᠤᠨ ᠮᠣᠩᠭᠣᠯ ᠤᠨ ᠰᠢᠲᠠᠷᠠᠴᠢᠳ ᠠᠴᠠ ᠪᠠᠨ ᠠᠯᠪᠠᠨ ᠶᠣᠰᠣᠭᠠᠷ ᠠᠭᠤᠴᠢᠯᠠᠯ ᠭᠤᠶᠤᠬᠤ ᠪᠠᠷ ᠪᠣᠯᠵᠠᠢ᠃

ᠰᠡᠳᠬᠢᠭᠳᠡᠯ ᠦᠯᠡᠳᠡᠭᠡᠬᠦ