30 ᠬᠤᠪᠢ ᠶᠢ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠬᠢᠨ ᠪᠦᠷᠢᠳᠦᠭᠦᠯᠦᠨ᠎ᠡ | News.MN

30 ᠬᠤᠪᠢ ᠶᠢ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠬᠢᠨ ᠪᠦᠷᠢᠳᠦᠭᠦᠯᠦᠨ᠎ᠡ

ᠶᠡᠷᠦᠩᠬᠡᠶᠢᠯᠡᠭᠴᠢ ᠶᠢᠨ ᠰᠣᠩᠭᠣᠭᠤᠯᠢ ᠶᠢᠨ ᠡᠮᠦᠨ᠎ᠡ ᠮᠤᠩᠭᠤᠯ ᠠᠷᠠᠳ ᠤᠨ ᠨᠠᠮ᠂ ᠮᠣᠩᠭᠣᠯ ᠠᠷᠠᠳ ᠤᠨ ᠬᠤᠪᠢᠰᠬᠠᠯᠲᠤ ᠨᠠᠮ ᠠᠯᠪᠠᠨ ᠶᠣᠰᠣᠭᠠᠷ ᠨᠢᠭᠡᠳᠦᠭᠰᠡᠨ ᠪᠢᠯᠡ᠃ ᠲᠡᠭᠡᠪᠡᠯ ᠮᠤᠩᠭᠤᠯ ᠠᠷᠠᠳ ᠤᠨ ᠨᠠᠮ ᠤᠨ ᠤᠳᠤᠷᠢᠳᠬᠤ ᠵᠥᠪᠯᠡᠯ᠂ ᠪᠠᠭ᠎ᠠ ᠬᠤᠷᠠᠯ ᠤᠨ ᠭᠡᠰᠢᠭᠦᠳ ᠦᠨ 30 ᠬᠤᠪᠢ ᠶᠢ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠬᠠᠷᠢᠶ᠎ᠠ ᠲᠠᠢ ᠬᠦᠮᠦᠰ ᠪᠦᠷᠢᠳᠦᠭᠦᠯᠬᠦ ᠪᠡᠷ ᠲᠣᠬᠢᠷᠠᠯᠴᠠᠭᠰᠠᠨ ᠢ ᠮᠤᠩᠭᠤᠯ ᠠᠷᠠᠳ ᠤᠨ ᠨᠠᠮ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠳ ∙ ᠠᠮᠤᠷᠪᠠᠶᠠᠰᠬᠤᠯᠠᠩ ᠮᠡᠳᠡᠭᠡᠯᠡᠪᠡ᠃
ᠲᠡᠷᠡ ᠪᠡᠷ ᠄ ᠤᠯᠤᠰ ᠲᠥᠷᠥ ᠶᠢᠨ ᠨᠠᠮ ᠤᠨ ᠲᠦᠪᠰᠢᠨ ᠳᠦ ᠪᠤᠶᠤ ᠤᠳᠤᠷᠢᠳᠬᠤ ᠵᠥᠪᠯᠡᠯ᠂ ᠪᠠᠭ᠎ᠠ ᠬᠤᠷᠠᠯ᠂ ᠨᠠᠮ ᠤᠨ ᠱᠠᠲᠤ ᠱᠠᠲᠤᠨ ᠤ ᠪᠠᠶᠢᠭᠤᠯᠤᠯᠭ᠎ᠠ ᠨᠤᠭᠤᠳ ᠤᠨ ᠭᠡᠰᠢᠭᠦᠳ ᠦᠨ 30 ᠬᠦᠷᠲᠡᠯᠡᠬᠢ ᠬᠤᠪᠢ ᠶᠢ ᠪᠦᠷᠢᠳᠦᠭᠦᠯᠬᠦ ᠭᠡᠷ᠎ᠡ ᠬᠡᠯᠡᠯᠴᠡᠯ ᠬᠢᠭᠰᠡᠨ᠃ ᠡᠨᠡ ᠬᠦᠷᠢᠶᠡᠨ ᠳᠦ ᠮᠤᠩᠭᠤᠯ ᠠᠷᠠᠳ ᠤᠨ ᠨᠠᠮ ᠤᠨ ᠤᠳᠤᠷᠢᠳᠬᠤ ᠵᠥᠪᠯᠡᠯ᠂ ᠪᠠᠭ᠎ᠠ ᠬᠤᠷᠠᠯ ᠳᠤ ᠮᠣᠩᠭᠣᠯ ᠠᠷᠠᠳ ᠤᠨ ᠬᠤᠪᠢᠰᠬᠠᠯᠲᠤ ᠨᠠᠮ ᠳᠦ ᠬᠠᠷᠢᠶᠠᠯᠠᠭᠳᠠᠵᠤ ᠪᠠᠶᠢᠭᠰᠠᠨ ᠵᠢᠷᠤᠮ ᠤᠨ ᠨᠥᠬᠥᠳ ᠨᠢᠭᠡᠳᠦᠨ ᠣᠷᠣᠵᠤ᠂ ᠬᠠᠮᠲᠤ ᠳᠤ ᠪᠠᠨ ᠦᠢᠯᠡ ᠠᠵᠢᠯᠯᠠᠭ᠎ᠠ ᠶᠠᠪᠤᠭᠤᠯᠬᠤ ᠪᠣᠯᠤᠮᠵᠢ ᠪᠥᠷᠢᠳᠴᠦ ᠪᠠᠶᠢᠭ᠎ᠠ᠃ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠬᠠᠷᠢᠶ᠎ᠠ ᠲᠠᠢ ᠬᠦᠮᠦᠰ ᠢ ᠨᠠᠮ ᠤᠨ ᠤᠳᠤᠷᠢᠳᠬᠤ ᠵᠦᠪᠯᠡᠯ᠂ ᠪᠠᠭ᠎ᠠ ᠬᠤᠷᠠᠯ ᠳᠤ ᠤᠷᠤᠭᠤᠯᠬᠤ ᠠᠵᠢᠯ ᠢ ᠮᠠᠷᠭᠠᠰᠢ ᠪᠣᠯᠬᠤ ᠨᠠᠮ ᠤᠨ ᠪᠠᠭ᠎ᠠ ᠬᠤᠷᠠᠯ ᠢᠶᠠᠷ ᠰᠢᠢᠳᠦᠨ᠎ᠡ ᠭᠡᠰᠡᠨ ᠶᠤᠮ᠃

ᠰᠡᠳᠬᠢᠭᠳᠡᠯ ᠦᠯᠡᠳᠡᠭᠡᠬᠦ