2020 ᠣᠨ ᠤ ᠲᠠᠷᠢᠭᠦᠨ ᠤ 100 ᠺᠤᠮᠫᠠᠨᠢ ᠲᠣᠳᠣᠷᠠᠯ᠎ᠠ | News.MN

2020 ᠣᠨ ᠤ ᠲᠠᠷᠢᠭᠦᠨ ᠤ 100 ᠺᠤᠮᠫᠠᠨᠢ ᠲᠣᠳᠣᠷᠠᠯ᠎ᠠ

 

ᠮᠣᠩᠭᠣᠯ ᠤᠯᠤᠰ ᠤᠨ ᠵᠠᠰᠠᠭ ᠤᠨ ᠭᠠᠵᠠᠷ᠂ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠬᠠᠮᠲᠤᠷᠠᠨ ᠮᠣᠩᠭᠣᠯ ᠤᠯᠤᠰ ᠤᠨ ᠲᠤᠫ 100  ᠠᠵᠤ ᠠᠬᠤᠢ ᠶᠢᠨ ᠨᠢᠭᠡᠴᠢ ᠶᠢ  ᠡᠷᠡᠮᠪᠡᠯᠡᠵᠦ᠂ ᠡᠷᠭᠦᠮᠵᠢᠯᠡᠬᠦ ᠦᠢᠯᠡ ᠠᠵᠢᠯᠯᠠᠭ᠎ᠠ ᠶᠢ  ᠬᠤᠷᠢᠳᠠᠬᠢ ᠵᠢᠯ ᠳᠦ ᠪᠡᠨ ᠬᠤᠶᠠᠳᠠᠬᠢ ᠤᠳᠠᠭ᠎ᠠ ᠪᠠᠨ ᠴᠠᠬᠢᠮ ᠬᠡᠯᠪᠡᠷᠢ ᠪᠡᠷ ᠵᠣᠬᠢᠶᠠᠨ ᠪᠠᠶᠢᠭᠤᠯᠤᠯ᠎ᠠ᠃ ᠮᠣᠩᠭᠣᠯ ᠤᠯᠤᠰ ᠤᠨ 2020 ᠣᠨ ᠤ  ᠲᠤᠫ 100 ᠠᠵᠤ ᠠᠬᠤᠢ ᠶᠢᠨ ᠨᠢᠭᠡᠴᠢ ᠶᠢᠨ ᠲᠥᠯᠦᠭᠰᠡᠨ ᠲᠠᠲᠠᠪᠤᠷᠢ ᠶᠢᠨ ᠬᠡᠮᠵᠢᠶ᠎ᠡ ᠨᠢ 4.2 ᠶᠡᠬᠡ ᠨᠠᠶᠤᠳ ᠲᠥᠭᠥᠷᠢᠭ ᠲᠦ ᠬᠦᠷᠴᠦ᠂ ᠲᠠᠲᠠᠪᠤᠷᠢ ᠶᠢᠨ ᠣᠷᠣᠯᠭ᠎ᠠ ᠶᠢᠨ 49  ᠬᠤᠪᠢ ᠶᠢ ᠪᠦᠷᠢᠳᠦᠭᠦᠯᠦᠭᠰᠡᠨ᠃ ᠡᠳ᠋ ᠦᠨ ᠵᠠᠰᠠᠭ ᠲᠦ ᠡᠭᠦᠰᠦᠭᠰᠡᠨ ᠬᠦᠨᠳᠦ ᠨᠥᠬᠥᠴᠡᠯ  ᠤᠨ ᠤᠯᠠᠮ ᠠᠴᠠ ᠲᠠᠲᠠᠪᠤᠷᠢ᠂ ᠰᠠᠩᠬᠦᠦ ᠶᠢᠨ ᠦᠵᠡᠭᠦᠯᠦᠯᠲᠡ ᠨᠦᠭᠦᠳ ᠪᠠᠭᠤᠷᠠᠭᠰᠠᠨ ᠴᠤ ᠲᠤᠫ 100 ᠠᠵᠤ ᠠᠬᠤᠢ ᠶᠢᠨ ᠨᠢᠭᠡᠴᠢ ᠳᠦ ᠠᠵᠢᠯᠯᠠᠭᠰᠠᠳ ᠤᠨ ᠲᠣᠭ᠎ᠠ ᠡᠮᠦᠨᠡᠬᠢ ᠵᠢᠯ ᠡᠴᠡ ᠬᠣᠶᠠᠷ ᠮᠢᠩᠭ᠎ᠠ ᠪᠠᠷ ᠨᠡᠮᠡᠭᠳᠡᠵᠦ 91 ᠮᠢᠩᠭ᠎ᠠ ᠬᠦᠷᠦᠭᠰᠡᠨ ᠨᠢ ᠨᠡᠶᠢᠲᠡ ᠠᠵᠢᠯ ᠤᠨ ᠪᠠᠶᠢᠷᠢᠨ ᠤ 8.1 ᠬᠤᠪᠢ ᠲᠠᠢ ᠲᠡᠩᠴᠡᠵᠦ ᠪᠠᠶᠢᠨ᠎ᠠ᠃ ᠡᠳᠡᠭᠡᠷ ᠠᠵᠤ ᠠᠬᠤᠢ ᠶᠢᠨ  ᠨᠢᠭᠡᠴᠢ ᠶᠢᠨ ᠪᠣᠷᠣᠯᠠᠭᠤᠯᠤᠯᠲᠠ ᠶᠢᠨ ᠣᠷᠣᠯᠭ᠎ᠠ ᠨᠢ 32.6 ᠶᠡᠬᠡ ᠨᠠᠶᠤᠳ ᠲᠥᠭᠥᠷᠢᠭ ᠪᠠᠶᠢᠭ᠎ᠠ ᠨᠢ ᠳᠤᠲᠤᠭᠠᠳᠤ ᠶᠢᠨ ᠨᠡᠢᠲᠡ ᠪᠦᠲᠦᠭᠡᠭᠳᠡᠬᠦᠨ ᠦ 88 ᠬᠤᠪᠢ ᠲᠠᠢ ᠳᠦᠢᠴᠡᠵᠦ ᠪᠠᠶᠢᠨ᠎ᠠ᠃
2020 ᠣᠨ ᠤ ᠲᠤᠫ100 ᠠᠵᠤ ᠠᠬᠤᠢ ᠶᠢᠨ ᠨᠢᠭᠡᠴᠢ ᠶᠢ ᠦᠢᠯᠡ ᠠᠵᠢᠯᠯᠠᠭᠠᠨ ᠤ ᠰᠠᠯᠪᠤᠷᠢ ᠪᠠᠷ ᠨᠢ ᠠᠪᠴᠤ ᠦᠵᠡᠪᠡᠯ ᠬᠤᠳᠠᠯᠳᠤᠭ᠎ᠠ᠂ ᠦᠢᠯᠡᠴᠢᠯᠡᠭᠡᠨ ᠦ ᠰᠠᠯᠪᠤᠷᠢ ᠶᠢᠨ 28 ᠺᠣᠮᠫᠠᠨᠢ᠂ ᠠᠭᠤᠯᠠ ᠠᠭᠤᠷᠬᠠᠢ ᠣᠯᠪᠤᠷᠢᠯᠠᠬᠤ ᠦᠢᠯᠡᠳᠪᠦᠷᠢᠯᠡᠯ ᠦᠨ ᠰᠠᠯᠪᠤᠷᠢ ᠶᠢᠨ 24 ᠺᠣᠮᠫᠠᠨᠢ᠂ ᠭᠠᠵᠠᠷ ᠤᠨ ᠲᠣᠰᠤᠨ ᠤ ᠬᠠᠩᠭᠠᠮᠵᠢ ᠶᠢᠨ 10᠂ ᠪᠠᠷᠢᠯᠭ᠎ᠠ ᠵᠠᠮ ᠤᠨ ᠰᠠᠯᠪᠤᠷᠢ ᠶᠢᠨ 9᠂ ᠬᠦᠨᠡᠰᠦᠨ ᠦ ᠪᠣᠯᠤᠨ ᠬᠥᠩᠭᠡᠨ ᠦᠢᠯᠡᠳᠪᠦᠷᠢᠯᠡᠯ ᠦᠨ 9᠂ ᠪᠠᠩᠬᠢ ᠰᠠᠩᠬᠦᠦ᠂ ᠬᠠᠷᠢᠯᠴᠠᠭ᠎ᠠ ᠬᠣᠯᠪᠣᠭ᠎ᠠ᠂ ᠲᠡᠭᠡᠭᠡᠪᠦᠷᠢ ᠪᠠᠷᠠᠭ᠎ᠠ ᠡᠷᠭᠢᠯᠲᠡ ᠶᠢᠨ ᠰᠠᠯᠪᠤᠷᠢ ᠶᠢᠨ 13᠂ ᠬᠦᠨᠳᠦ ᠦᠢᠯᠡᠳᠪᠦᠷᠢᠯᠡᠯ᠂ ᠴᠠᠬᠢᠯᠭᠠᠨ ᠳᠤᠯᠠᠭᠠᠨ ᠤ ᠦᠢᠯᠡᠳᠪᠦᠷᠢᠯᠡᠯ ᠦᠨ 7 ᠺᠣᠮᠫᠠᠨᠢ ᠡᠷᠡᠮᠪᠡᠯᠡᠭᠳᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

Нэргүй 2021-06-29 103.136.254.8

Сайн байна уу,
Бичгийг босоо болгож, бичгийн хэмжээг томруулах. Олж харж уншиж чадахгүй байна.