ᠮᠣᠩᠭᠣᠯ ᠤᠨ ᠪᠦᠲᠦᠭᠡᠭᠳᠡᠬᠦᠨ ᠢ ᠢᠯᠡᠬᠦᠦ ᠶᠡᠭᠡ ᠠᠪᠬᠤ ᠳᠤ ᠪᠡᠯᠡᠨ ᠪᠠᠶᠢᠨ᠎ᠡ ᠭᠡᠵᠡᠢ | News.MN

ᠮᠣᠩᠭᠣᠯ ᠤᠨ ᠪᠦᠲᠦᠭᠡᠭᠳᠡᠬᠦᠨ ᠢ ᠢᠯᠡᠬᠦᠦ ᠶᠡᠭᠡ ᠠᠪᠬᠤ ᠳᠤ ᠪᠡᠯᠡᠨ ᠪᠠᠶᠢᠨ᠎ᠡ ᠭᠡᠵᠡᠢ

ᠮᠣᠩᠭᠤᠯ ᠤᠯᠤᠰ ᠤᠨ ᠶᠡᠷᠦᠩᠬᠡᠶᠢᠯᠡᠭᠴᠢ ᠤ᠊ ·ᠬᠦᠷᠡᠯᠰᠦ᠋ᠬᠡ ᠬᠢᠲᠠᠳ  ᠤᠨ ᠳᠠᠷᠤᠭ᠎ᠠ ᠰᠢ ᠵᠢᠨ ᠫᠢᠩ ᠲᠠᠢ 2021 ᠣᠨ ᠤ 7 ᠳ᠋ᠤᠭᠠᠷ ᠰᠠᠷ᠎ᠠ ᠶᠢᠨ 16 ᠤ ᠡᠳᠦᠷ ᠤᠲᠠᠰᠤ ᠪᠠᠷ ᠶᠠᠷᠢᠪᠠ᠃ ᠰᠢ ᠵᠢᠨ ᠫᠢᠩ ᠦᠨ ᠮᠣᠩᠭᠤᠯ ᠤᠯᠤᠰ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠪᠤᠯᠦᠠ ᠦᠨᠳᠦᠰᠦᠨ ᠤ ᠶᠡᠭᠡ ᠪᠡᠶᠡᠷ ᠨᠠᠭᠠᠳᠤᠮ ᠢ ᠲᠣᠬᠢᠶᠠᠯᠳᠤᠭᠤᠯᠤᠨ ᠳᠠᠬᠢᠨ ᠪᠡᠶᠡᠷ ᠬᠦᠷᠭᠡᠭᠰᠡᠨ ᠳᠤ ᠤ᠊ · ᠬᠦᠷᠡᠯᠰᠦ᠋ᠬᠡ ᠲᠠᠯᠠᠷᠬᠠᠯ ᠢᠯᠡᠷᠬᠡᠶᠢᠯᠡᠪᠡ᠃

ᠮᠣᠩᠭᠤᠯ ᠤᠯᠤᠰ ᠤᠨ ᠶᠡᠷᠦᠩᠬᠡᠶᠢᠯᠡᠭᠴᠢ ᠤ᠊ · ᠬᠦᠷᠡᠯᠰᠦ᠋ᠬᠡ ᠬᠢᠲᠠᠳ ᠤᠨ ᠺᠣᠮᠮᠦ᠋ᠨᠢᠰᠲ ᠨᠠᠮ  ᠤᠨ 100 ᠵᠢᠯ ᠤᠨ ᠣᠢ ᠶᠢᠨ ᠪᠠᠶᠠᠷ ᠢ ᠲᠣᠬᠢᠶᠠᠯᠳᠤᠭᠤᠯᠤᠨ ᠲᠡᠭᠦᠨ ᠦ ᠶᠡᠷᠦᠩᠬᠡᠶ ᠨᠡᠷᠢᠠ ᠪᠢᠴᠢᠭ ᠤᠨ ᠳᠠᠷᠤᠭ᠎ᠠ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ  ᠤᠨ ᠳᠠᠷᠤᠭ᠎ᠠ ᠰᠢ ᠵᠢᠨ ᠫᠢᠩ ᠳᠤ ᠳᠠᠬᠢᠨ ᠪᠡᠶᠡᠷ ᠬᠦᠷᠭᠡᠵᠦ᠂ ᠬᠢᠲᠠᠳ ᠤᠨ ᠬᠥᠭᠵᠢᠯ ᠴᠡᠴᠡᠭᠯᠡᠯᠲᠡ ᠶᠢ ᠬᠦᠰᠡᠨ ᠢᠷᠦᠭᠡᠪᠡ᠃  ᠮᠣᠩᠭᠤᠯ᠂ ᠬᠢᠲᠠᠳ ᠤᠨ ᠲᠥᠷᠦ ᠶᠢᠨ ᠲᠡᠷᠢᠬᠦᠠ ᠨᠠᠷ ᠬᠤᠶᠠᠷ ᠤᠯᠤᠰ ᠤᠨ ᠬᠠᠷᠢᠯᠴᠠᠭᠠᠨ ᠤ ᠪᠤᠯᠦᠠ ᠪᠦᠰᠡ ᠨᠤᠳᠤᠬ᠂ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠠᠰᠠᠭᠤᠳᠠᠯ ᠢᠶᠠᠷ ᠰᠠᠨᠠᠯ ᠰᠣᠯᠢᠯᠴᠠᠵᠤ᠂ ᠮᠣᠩᠭᠤᠯ᠂ ᠬᠢᠲᠠᠳ ᠤᠨ ᠢᠵᠢ ᠪᠦᠷᠢᠠ ᠰᠲᠷᠠᠲ᠋ᠧᠭᠢ ᠶᠢᠨ ᠲᠦᠩᠰᠢᠯᠡᠯ ᠤᠨ ᠬᠠᠷᠢᠯᠴᠠᠭ᠎ᠠ ᠶᠢ ᠥᠷᠭᠡᠵᠢᠭᠦᠯᠦᠨ ᠬᠥᠭᠵᠢᠭᠦᠯᠬᠦ ᠶᠢᠨ ᠲᠥᠯᠥᠭᠡ ᠨᠢᠬᠳᠠ ᠬᠠᠮᠲᠤᠷᠠᠨ ᠠᠵᠢᠯᠯᠠᠬᠤ ᠪᠠᠨ ᠨᠤᠲᠠᠯᠠᠪᠠ᠃

ᠬᠤᠶᠠᠷ ᠤᠯᠤᠰ ᠤᠨ ᠬᠥᠭᠵᠢᠯ ᠤᠨ ᠪᠣᠳᠤᠯᠭ᠎ᠠ᠂ ᠬᠥᠲᠥᠯᠪᠦᠷᠢ ᠨᠤᠭᠦᠳ ᠢ ᠤᠶᠠᠯᠳᠤᠭᠤᠯᠤᠨ ᠬᠡᠷᠡᠭᠵᠢᠭᠦᠯᠬᠦ ᠬᠠᠮᠲᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠬᠤᠳᠠᠯᠳᠤᠭᠠᠨ ᠤ ᠡᠷᠭᠢᠯᠲᠡ ᠶᠢ 10 ᠲᠡᠷᠪᠤᠮ ᠳ᠋ᠣᠯᠯᠠᠷ ᠲᠤ ᠬᠦᠷᠭᠡᠬᠦ ᠵᠣᠷᠢᠯᠲᠠ ᠳᠤ ᠣᠶᠢᠷ᠎ᠠ ᠶᠢᠨ ᠵᠢᠯ ᠤᠳ ᠲᠤ ᠬᠦᠷᠬᠦ ᠶᠢᠨ ᠲᠥᠯᠥᠭᠡ ᠢᠯᠡᠬᠦᠦ ᠢᠳᠡᠪᠬᠢᠲᠡᠢ ᠬᠠᠮᠲᠤᠷᠠᠨ ᠠᠵᠢᠯᠯᠠᠬᠤ᠂ ᠬᠢᠯᠢ ᠶᠢᠨ ᠪᠦᠰᠡ ᠨᠤᠳᠤᠬ  ᠲᠡᠬᠢ ᠬᠠᠯᠳᠠᠪᠤᠷᠢ ᠬᠠᠮᠠᠭᠠᠯᠠᠯ ᠤᠨ ᠠᠷᠭ᠎ᠠ ᠬᠡᠮᠵᠢᠶ᠎ᠡ ᠶᠢ ᠤᠯᠠᠮ ᠪᠦᠷ ᠰᠠᠶᠢᠵᠢᠷᠠᠭᠤᠯᠤᠭᠰᠠᠨ ᠤ ᠦᠨᠳᠦᠰᠦᠨ ᠳᠡᠭᠡᠷ᠎ᠡ ᠬᠤᠳᠠᠯᠳᠤᠭ᠎ᠠ᠂ ᠡᠳ᠋ ᠤᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠠᠯᠢ ᠪᠣᠯᠬᠤ ᠬᠡᠪ ᠤᠨ ᠶᠠᠪᠤᠭᠤᠯᠬᠤ ᠶᠢ ᠳᠡᠮᠵᠢᠵᠦ᠂ ᠬᠤᠯᠪᠦᠬᠳᠡᠬᠤ ᠡᠭᠦᠷᠭᠡ ᠴᠢᠭᠯᠡᠯ ᠢ ᠬᠤᠶᠠᠷ ᠤᠯᠤᠰ ᠤᠨ ᠪᠠᠶᠢᠭᠤᠯᠤᠯᠭ᠎ᠠ ᠨᠤᠭᠤᠳ ᠲᠤ ᠥᠭᠴᠦ ᠠᠵᠢᠯᠯᠠᠬᠤ ᠪᠠᠨ ᠲᠥᠷᠦ ᠶᠢᠨ ᠲᠡᠷᠢᠬᠦᠠ  ᠨᠠᠷ ᠢᠯᠡᠷᠬᠡᠶᠢᠯᠡᠪᠡ᠃

ᠠᠭᠤᠯᠠ ᠠᠭᠤᠷᠬᠠᠢ᠂ ᠳᠡᠳ᠋ ᠪᠦᠲᠦᠴᠡ᠂ ᠬᠥᠳᠡᠭᠡ ᠠᠵᠤ ᠠᠬᠤᠶ ᠵᠡᠷᠭᠡ ᠰᠠᠯᠪᠤᠷᠢ ᠳᠤ ᠲᠣᠮᠤᠬᠠᠨ ᠲᠥᠰᠥᠯ ᠤᠳ ᠢ ᠬᠡᠷᠡᠭᠵᠢᠭᠦᠯᠵᠦ᠂ ᠠᠷᠠᠳ ᠢᠷᠭᠡᠳ ᠤᠨ ᠠᠬᠤᠶ ᠠᠮᠢᠳᠤᠷᠠᠯ ᠢ ᠳᠡᠭᠡᠭᠰᠢᠯᠡᠭᠦᠯᠬᠦ ᠳᠤ ᠪᠣᠳᠠᠲᠤ ᠬᠤᠪᠢ ᠨᠡᠮᠡᠷᠢ ᠣᠷᠣᠭᠤᠯᠬᠤ ᠶᠢᠨ ᠴᠢᠬᠤᠯᠠ ᠶᠢ ᠲᠥᠷᠦ ᠶᠢᠨ ᠲᠡᠷᠢᠬᠦᠠ  ᠨᠠᠷ ᠲᠡᠮᠳᠡᠭᠯᠡᠪᠡ᠃ ᠮᠣᠩᠭᠣᠯ ᠤᠨ ᠲᠠᠯ᠎ᠠ ᠠᠴᠠ ᠳᠡᠪᠰᠢᠭᠦᠯᠵᠦ ᠪᠤᠶ ᠬᠠᠮᠲᠤ ᠶᠢᠨ ᠠᠵᠢᠯᠯᠠᠭᠠᠨ ᠤ ᠲᠥᠰᠥᠯ ᠰᠠᠨᠠᠭᠠᠴᠢᠯᠠᠭ᠎ᠠ ᠶᠢ ᠳᠡᠮᠵᠢᠵᠦ᠂ ᠮᠣᠩᠭᠤᠯ ᠤᠯᠤᠰ ᠠᠴᠠ ᠪᠠᠷᠠᠭ᠎ᠠ ᠪᠦᠲᠦᠭᠡᠭᠳᠡᠬᠦᠨ ᠢ ᠢᠯᠡᠭᠦᠦ ᠶᠡᠭᠡ ᠪᠠᠷ ᠠᠪᠬᠤ ᠳᠤ ᠪᠡᠯᠡᠨ ᠪᠤᠢ ᠶᠢ ᠬᠢᠲᠠᠳ  ᠤᠨ ᠳᠠᠷᠤᠭ᠎ᠠ ᠢᠯᠡᠷᠬᠡᠶᠢᠯᠡᠪᠡ᠃ ᠪᠠᠶᠢᠭᠠᠯᠢ ᠣᠷᠴᠢᠨ ᠤ ᠬᠠᠮᠲᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠬᠦ ᠨᠢ ᠪᠦᠰᠡ ᠨᠤᠲᠤᠭ ᠤᠨ ᠣᠷᠣᠨ ᠨᠤᠭᠤᠳ ᠤᠨ ᠡᠷᠭᠡ ᠠᠰᠢᠭ ᠲᠤ ᠨᠡᠶᠢᠴᠡᠬᠦ ᠶᠢ ᠲᠥᠷᠦ ᠶᠢᠨ ᠲᠡᠷᠢᠬᠦᠠ ᠨᠠᠷ ᠲᠡᠮᠳᠡᠭᠯᠡᠵᠦ᠂ ᠴᠥᠯᠵᠢᠯᠲᠡ᠂  ᠰᠢᠷᠤᠢ ᠶᠢᠨ ᠰᠢᠭᠤᠷᠭ᠎ᠠ ᠲᠠᠢ ᠲᠡᠮᠡᠴᠡᠬᠦ ᠲᠥᠰᠥᠯ ᠢ ᠬᠠᠮᠲᠤᠷᠠᠨ ᠬᠡᠷᠡᠭᠵᠢᠭᠦᠯᠬᠦ ᠶᠢ ᠳᠡᠮᠵᠢᠬᠦ ᠪᠠᠨ ᠢᠯᠡᠷᠬᠡᠶᠢᠯᠡᠪᠡ᠃ ︽ᠮᠣᠩᠭᠤᠯ᠂ ᠤᠷᠦᠰ᠂ ᠬᠢᠲᠠᠳ ᠤᠨ ᠡᠳ᠋ ᠤᠨ ᠵᠠᠰᠠᠭ ᠤᠨ ᠺᠣᠷᠢᠳᠤᠷ ᠪᠠᠶᠢᠭᠤᠯᠬᠤ ᠬᠥᠲᠥᠯᠪᠦᠷᠢ︾   ᠶᠢᠨ ᠬᠡᠷᠡᠭᠵᠢᠯᠲᠡ ᠳᠤ ᠠᠬᠢᠴᠠ ᠭᠠᠷᠴᠤ ᠪᠤᠢ ᠶᠢ ᠲᠡᠮᠳᠡᠭᠯᠡᠵᠦ᠂ ᠣᠷᠣᠰ  ᠠᠴᠠ ᠬᠢᠲᠠᠳ ᠲᠤ  ᠪᠠᠶᠢᠭᠠᠯᠢ ᠶᠢᠨ ᠬᠡᠢ ᠨᠡᠶᠢᠯᠡᠬᠦᠯᠬᠦ ᠬᠤᠭᠤᠯᠠᠢ ᠶᠢ ᠮᠣᠩᠭᠤᠯ ᠤᠯᠤᠰ ᠤᠨ ᠨᠤᠳᠤᠬ ᠳᠡᠪᠢᠰᠬᠡᠷ ᠢᠶᠠᠷ ᠳᠠᠮᠵᠢᠭᠤᠯᠤᠨ ᠪᠡᠷᠢᠬᠤ ᠲᠥᠰᠥᠯ ᠢ ᠤᠷᠤᠭᠰᠢᠯᠠᠭᠤᠯᠬᠤ ᠳᠤ ᠠᠵᠤ ᠠᠬᠤᠢ ᠶᠢᠨ ᠨᠢᠭᠡᠴᠢ ᠨᠦᠭᠦᠳ ᠤᠨ ᠦᠶᠯᠡ ᠠᠵᠢᠯᠯᠠᠭᠠᠨ ᠳᠤ ᠳᠡᠮᠵᠢᠯᠭᠡ ᠦᠵᠡᠭᠦᠯᠬᠦ ᠪᠠᠨ ᠲᠥᠷᠦ ᠶᠢᠨ ᠲᠡᠷᠢᠬᠦᠠ ᠨᠠᠷ ᠢᠯᠡᠷᠬᠡᠶᠢᠯᠡᠪᠡ᠃ ᠬᠤᠶᠠᠷ ᠤᠯᠤᠰ ᠤᠨ ᠪᠦᠰᠡ ᠨᠤᠳᠤᠬ᠂ ᠣᠯᠠᠨ ᠲᠠᠯᠠᠲᠤ ᠮᠧᠬᠠᠨᠢᠰᠮ ᠤᠳ ᠤᠨ ᠬᠦᠷᠢᠶᠡᠨ ᠳᠠᠬᠢ ᠣᠶᠢᠷ᠎ᠠ ᠳᠣᠲᠤᠨᠤ ᠬᠠᠮᠲᠤ ᠶᠢᠨ ᠠᠵᠢᠯᠯᠠᠭ᠎ᠠ ᠶᠢ ᠴᠢᠨᠠᠭᠰᠢᠳᠠ  ᠴᠦ ᠦᠷᠭᠦᠯᠵᠢᠯᠡᠭᠦᠯᠬᠦ ᠶᠢᠨ ᠲᠥᠯᠥᠭᠡ ᠪᠠᠶᠢᠭ᠎ᠠ ᠪᠠᠨ ᠢᠯᠡᠷᠬᠡᠶᠢᠯᠡᠪᠡ᠃ ᠲᠥᠷᠦ ᠶᠢᠨ ᠲᠡᠷᠢᠬᠦᠠ ᠨᠠᠷ ᠴᠢᠨᠠᠭᠰᠢᠳᠠ ᠠᠵᠢᠯ ᠲᠥᠷᠥᠯ ᠤᠨ ᠣᠶᠢᠷ᠎ᠠ ᠬᠡᠯᠬᠢᠶ᠎ᠡ ᠬᠤᠯᠪᠣᠭ᠎ᠠ ᠲᠠᠢ ᠪᠠᠶᠢᠵᠤ᠂ ᠴᠠᠷ᠎ᠠ ᠲᠠᠬᠤᠯ ᠤᠨ ᠨᠥᠬᠦᠴᠡᠯ ᠪᠠᠶᠢᠳᠠᠯ  ᠰᠠᠢᠵᠢᠷᠠᠭᠰᠠᠨ ᠤ ᠳᠠᠷᠠᠭ᠎ᠠ ᠪᠠᠷ ᠪᠡᠶᠡᠴᠢᠯᠡᠨ ᠠᠭᠤᠯᠵᠠᠬᠤ ᠪᠠᠷ ᠲᠣᠬᠢᠷᠠᠯᠴᠠᠪᠠ᠃

ᠰᠡᠳᠬᠢᠭᠳᠡᠯ ᠦᠯᠡᠳᠡᠭᠡᠬᠦ