ᠵᠠᠰᠠᠭ ᠤᠨ ᠭᠠᠵᠠᠷ ᠤᠨ ᠥᠨᠥᠳᠥᠷ ᠤᠨ ᠡᠭᠡᠯᠵᠢᠲᠦ ᠬᠤᠷᠠᠯᠳᠤᠭᠠᠨ ᠢᠶᠠᠷ ᠲᠠᠬᠤᠯ ᠤᠨ ᠦᠶ᠎ᠡ ᠳᠤ ᠬᠥᠯ ᠬᠤᠷᠢᠭ᠎ᠠ ᠶᠢᠨ ᠱᠡᠳᠦᠯᠡᠯ ᠬᠠᠷᠠᠭᠠᠯᠵᠠᠯ ᠦᠭᠡᠢ ᠤᠷᠭᠤᠴᠠ ᠬᠤᠷᠢᠶᠠᠯᠲᠠ ᠶᠢᠨ ᠪᠡᠯᠡᠳᠬᠡᠯ ᠢ ᠡᠷᠲᠡᠨ ᠠᠴᠠ ᠰᠠᠶᠢᠲᠤᠷ ᠬᠠᠩᠭᠠᠬᠤ ᠶᠢ ᠰᠠᠶᠢᠳ ᠵ᠊·ᠮᠡᠨᠳᠦᠰᠠᠢᠬᠠᠨ ᠳᠤ ᠳᠠᠭᠠᠭᠠᠯᠭᠠᠪᠠ᠃
ᠤᠯᠤᠰ ᠤᠨ ᠬᠡᠮᠵᠢᠶᠡᠨ ᠳᠤ 414 ᠮᠢᠩᠭᠠᠨ ᠭᠠ ᠳᠤ ᠦᠷ᠎ᠡ ᠲᠡᠷᠢᠶ᠎ᠠ᠂ ᠡᠭᠦᠨ ᠠᠴᠠ 384 ᠮᠢᠩᠭᠠᠨ ᠭᠠ ᠳᠤ ᠤᠯᠠᠭᠠᠨ ᠪᠤᠭᠤᠳᠠᠢ᠂ 16 ᠣᠷᠴᠢᠮ ᠮᠢᠩᠭᠠᠨ ᠭᠠ ᠳᠦ ᠲᠥᠮᠥᠰᠥ᠂ 8.4 ᠮᠢᠩᠭᠠᠨ ᠭᠠ ᠳᠦ ᠬᠦᠨᠡᠰᠦᠨ ᠤ ᠨᠤᠭᠤᠭ᠎ᠠ᠂ 68 ᠮᠢᠩᠭᠠᠨ ᠭᠠ ᠳᠦ ᠲᠣᠰᠤᠨ ᠤ ᠤᠷᠭᠤᠮᠠᠯ᠂ 42 ᠣᠷᠴᠢᠮ ᠮᠢᠩᠭᠠᠨ ᠭᠠ ᠳᠦ ᠲᠡᠵᠢᠭᠡᠯ ᠤᠨ ᠤᠷᠭᠤᠮᠠᠯ᠂ 4.7 ᠮᠢᠩᠭᠠᠨ ᠭᠠ ᠳᠦ ᠵᠢᠮᠢᠰ ᠵᠢᠮᠢᠰᠭᠡᠨ᠎ᠡ ᠲᠠᠷᠢᠭᠠᠳ ᠪᠠᠶᠢᠨ᠎ᠡ ᠬᠡᠮᠡᠨ ᠵᠠᠰᠠᠭ ᠤᠨ ᠭᠠᠵᠠᠷ ᠤᠨ ᠭᠡᠪᠯᠡᠯ ᠮᠡᠳᠡᠭᠡᠯᠡᠯ ᠤᠨ ᠠᠯᠪᠠᠨ ᠠᠴᠠ ᠮᠡᠳᠡᠭᠡᠯᠡᠯ᠎ᠡ᠃