ᠰᠠᠩᠬᠦᠦ ᠶᠢᠨ ᠲᠣᠭᠲᠠᠪᠤᠷᠢᠲᠠᠶ ᠪᠠᠶᠢᠳᠠᠯ ᠤᠨ ᠵᠥᠪᠯᠡᠯ ᠨᠢ ᠮᠣᠩᠭᠤᠯ ᠤᠯᠤᠰ ᠤᠨ ᠰᠠᠩᠬᠦᠦ ᠶᠢᠨ ᠲᠣᠭᠲᠠᠯᠴᠠᠭᠠᠨ ᠤ ᠲᠣᠭᠲᠠᠪᠤᠷᠢᠲᠠᠶ ᠪᠠᠶᠢᠳᠠᠯ ᠢ ᠬᠠᠩᠭᠠᠬᠤ ᠵᠣᠷᠢᠯᠭ᠎ᠠ ᠲᠠᠢ ᠠᠵᠢᠯᠯᠠᠳᠠᠭ ᠶᠤᠮ᠃ ᠡᠭᠦᠨ ᠲᠠᠢ ᠬᠤᠯᠪᠤᠭ᠎ᠠ ᠲᠠᠢ ᠪᠠᠷ ᠰᠠᠩᠬᠦᠦ ᠶᠢᠨ ᠲᠣᠭᠲᠠᠯᠴᠠᠭᠠᠨ ᠤ ᠰᠢᠨᠵᠢ ᠲᠠᠢ ᠡᠷᠡᠰᠳᠡᠯ ᠢ ᠢᠯᠡᠷᠡᠭᠦᠯᠬᠦ᠂ ᠬᠢᠨᠠᠬᠤ᠂ ᠪᠠᠭᠤᠷᠠᠭᠤᠯᠬᠤ ᠲᠠᠯ᠎ᠠ ᠪᠠᠷ ᠬᠡᠯᠡᠯᠴᠡᠵᠦ ᠭᠡᠰᠢᠭᠦᠳ ᠤᠨ ᠦᠶᠯᠡ ᠠᠵᠢᠯᠯᠠᠭ᠎ᠠ ᠶᠢ ᠡᠭᠦᠨ ᠳᠤ ᠤᠶᠠᠯᠳᠤᠭᠤᠯᠤᠨ ᠠᠵᠢᠯᠯᠠᠳᠠᠭ᠃ ᠲᠤᠰ ᠵᠥᠪᠯᠡᠯ ᠤᠨ ᠡᠭᠡᠯᠵᠢᠲᠦ ᠪᠤᠰᠤ ᠬᠤᠷᠠᠯ ᠥᠴᠥᠭᠡᠳᠦᠷ ᠮᠤᠩᠭᠤᠯ ᠪᠠᠩᠭᠢ ᠳᠤ ᠪᠣᠯᠣᠯ᠎ᠠ᠃
ᠡᠨᠡ ᠤᠳᠠᠭ᠎ᠠ ᠶᠢᠨ ᠡᠭᠡᠯᠵᠢᠲᠦ ᠪᠤᠰᠤ ᠬᠤᠷᠠᠯ ᠢᠶᠠᠷ ᠤᠯᠤᠰ ᠣᠷᠣᠨ ᠤ ᠮᠠᠺᠷᠣ᠋ ᠡᠳ᠋ ᠤᠨ ᠵᠠᠰᠠᠭ ᠤᠨ ᠥᠨᠦ ᠶᠢᠨ ᠨᠥᠬᠦᠴᠡᠯ ᠪᠠᠶᠢᠳᠠᠯ᠂ ᠴᠠᠭᠠᠰᠢᠳᠠ ᠶᠢᠨ ᠲᠥᠯᠥᠪ᠂ ᠠᠩᠬᠠᠷᠬᠤ ᠠᠰᠠᠭᠤᠳᠠᠯ ᠤᠨ ᠲᠠᠯ᠎ᠠ ᠪᠠᠷ ᠬᠡᠯᠡᠯᠴᠡᠵᠦ᠂ ᠲᠥᠰᠥᠪ᠂ ᠮᠥᠩᠭᠦᠨ ᠤ ᠪᠣᠳᠣᠯᠭ᠎ᠠ ᠶᠢᠨ ᠤᠶᠠᠯᠳᠤᠭ᠎ᠠ ᠶᠢ ᠬᠠᠩᠭᠠᠬᠤ ᠴᠢᠭᠯᠡᠯ ᠢᠶᠠᠷ ᠬᠠᠷᠢᠯᠴᠠᠨ ᠮᠡᠳᠡᠭᠡᠯᠡᠯ ᠰᠣᠯᠢᠯᠴᠠᠪᠠ᠃ ᠲᠡᠭᠦᠨᠴᠢᠯᠡᠨ᠂ ᠬᠤᠶᠠᠷ ᠴᠢᠭᠯᠡᠯ ᠢᠶᠠᠷ ᠠᠵᠢᠯ ᠤᠨ ᠬᠡᠰᠡᠭ ᠪᠠᠶᠢᠭᠤᠯᠵᠤ᠂ ᠬᠠᠤᠯᠢ ᠶᠢᠨ ᠲᠥᠰᠥᠯ ᠪᠣᠯᠪᠠᠰᠤᠷᠠᠭᠤᠯᠬᠤ ᠪᠠᠷ ᠲᠣᠭᠲᠠᠪᠠ᠃
ᠬᠤᠷᠠᠯ ᠳᠤ ᠰᠠᠩ ᠤᠨ ᠰᠠᠶᠢᠳ ᠪ∙ᠵᠢᠪᠬᠤᠯᠠᠩ᠂ ᠮᠣᠩᠭᠤᠯ ᠪᠠᠩᠬᠢᠨ ᠤ ᠶᠡᠷᠦᠩᠬᠡᠶᠢᠯᠡᠭᠴᠢ ᠪ∙ᠯᠾᠬᠠᠪᠠᠰᠦ᠋ᠷᠤᠩ᠂ ᠰᠠᠩᠬᠦᠦ ᠶᠢᠨ ᠵᠣᠬᠢᠴᠠᠭᠤᠯᠬᠤ ᠬᠤᠷᠢᠶᠠᠨ ᠤ ᠳᠠᠷᠤᠭ᠎ᠠ ᠳ᠋᠊ · ᠪᠠᠶᠠᠷᠰᠠᠶᠢᠬᠠᠨ᠂ ᠬᠠᠳᠠᠭᠠᠯᠠᠮᠵᠢ ᠶᠢᠨ ᠳᠠᠭᠠᠳᠬᠠᠯ ᠤᠨ ᠺᠤᠷᠫᠤᠷᠠᠼ ᠤᠨ ᠭᠦᠢᠴᠡᠳᠬᠡᠬᠦ ᠵᠠᠬᠢᠷᠤᠯ ᠤᠨ ᠡᠭᠦᠷᠭᠡ ᠭᠦᠢᠴᠡᠳᠬᠡᠭᠴᠢ ᠰ᠊·ᠪᠠᠭᠠᠲᠤᠷᠰᠦ᠋ᠷᠦᠩ ᠪᠤᠯᠦᠠ ᠪᠤᠰᠤᠳ ᠠᠯᠪᠠᠨ ᠤ ᠬᠢᠨ ᠣᠷᠣᠯᠴᠠᠯ᠎ᠠ᠃ 2007 ᠣᠨ ᠳᠤ ᠪᠠᠶᠢᠭᠤᠯᠤᠭᠰᠠᠨ ᠰᠠᠩᠬᠦᠦ ᠶᠢᠨ ᠲᠣᠭᠲᠠᠪᠤᠷᠢᠲᠠᠶ ᠪᠠᠶᠢᠳᠠᠯ ᠤᠨ ᠵᠥᠪᠯᠡᠯ ᠤᠨ ᠦᠶᠯᠡ ᠠᠵᠢᠯᠯᠠᠭᠠᠨ ᠤ ᠦᠨᠳᠦᠰᠦᠨ ᠬᠡᠯᠪᠡᠷᠢ ᠨᠢ ᠲᠡᠭᠦᠨ ᠤ ᠡᠭᠡᠯᠵᠢᠲᠦ ᠪᠤᠯᠦᠠ ᠡᠭᠡᠯᠵᠢᠲᠦ ᠪᠤᠰᠤ ᠬᠤᠷᠠᠯᠳᠤᠭᠠᠨ ᠪᠥᠭᠡᠳ ᠡᠭᠡᠯᠵᠢᠲᠦ ᠬᠤᠷᠠᠯᠳᠤᠭᠠᠨ ᠢ ᠤᠯᠠᠷᠢᠯ ᠳᠤ ᠨᠢᠭᠡ ᠠᠴᠠ ᠳᠣᠭᠤᠭᠰᠢ ᠦᠭᠡᠶ ᠤᠳᠠᠭ᠎ᠠ ᠵᠣᠬᠢᠶᠠᠨ ᠪᠠᠶᠢᠭᠤᠯᠵᠤ ᠪᠠᠶᠢᠨ᠎ᠡ᠃