ᠰᠢᠪᠡᠭᠡ ᠬᠦᠷᠡᠩ ᠪᠣᠭᠤᠮᠲᠠ ᠶᠢᠨ ᠰᠢᠯᠭᠠᠨ ᠨᠡᠪᠲᠡᠷᠡᠭᠦᠯᠬᠦ ᠭᠠᠷᠴᠠ ᠠᠰᠢᠭᠯᠠᠯᠲᠠ ᠳᠤ ᠣᠷᠣᠯ᠎ᠠ | News.MN

ᠰᠢᠪᠡᠭᠡ ᠬᠦᠷᠡᠩ ᠪᠣᠭᠤᠮᠲᠠ ᠶᠢᠨ ᠰᠢᠯᠭᠠᠨ ᠨᠡᠪᠲᠡᠷᠡᠭᠦᠯᠬᠦ ᠭᠠᠷᠴᠠ ᠠᠰᠢᠭᠯᠠᠯᠲᠠ ᠳᠤ ᠣᠷᠣᠯ᠎ᠠ

︽ᠮᠣᠩᠭᠣᠯ ᠤᠨ ᠠᠯᠳᠠ︾ᠺᠤᠮᠫᠠᠨᠢ ᠡᠺᠰᠫᠣᠷᠲ ᠢ ᠨᠡᠮᠡᠭᠳᠡᠭᠦᠯᠬᠦ ᠴᠢᠭᠯᠡᠯ ᠢᠶᠠᠷ ᠰᠢᠪᠡᠭᠡ ᠬᠦᠷᠡᠩ ᠪᠣᠭᠤᠮᠲᠠ ᠶᠢᠨ  ᠦᠢᠯᠡ ᠠᠵᠢᠯᠯᠠᠭ᠎ᠠ ᠶᠢ ᠥᠷᠭᠡᠵᠢᠭᠦᠯᠦᠨ᠂ ᠨᠡᠪᠳᠡᠷᠡᠬᠦ ᠬᠦᠴᠦᠨ ᠴᠢᠳᠠᠯ ᠢ ᠨᠡᠮᠡᠭᠳᠡᠭᠦᠯᠬᠦ ᠳᠤ 560  ᠭᠠᠷᠤᠢ ᠰᠠᠶ᠎ᠠ
ᠲᠦᠭᠦᠷᠢᠭ ᠦᠨ  ᠬᠥᠷᠥᠩᠭᠡ ᠣᠷᠤᠭᠤᠯᠤᠯᠲᠠ ᠬᠢᠵᠦ᠂  ᠬᠢᠯᠢ ᠶᠢᠨ ᠰᠢᠯᠭᠠᠨ ᠨᠡᠪᠲᠡᠷᠡᠭᠦᠯᠬᠦ ᠳᠥᠷᠪᠡᠨ ᠭᠠᠷᠴᠠ ᠶᠢ  ᠪᠠᠢᠭᠤᠯᠤᠭᠰᠠᠨ ᠢᠶᠠᠨ ᠨᠡᠭᠡᠭᠡᠵᠦ᠂ ᠪᠣᠭᠤᠮᠲᠠ ᠶᠢᠨ ᠤᠳᠤᠷᠢᠳᠤᠯᠭ᠎ᠠ ᠨᠠᠷ ᠲᠤ ᠬᠦᠯᠢᠶᠡᠯᠭᠡᠨ ᠥᠭᠭᠦᠯ᠎ᠡ᠃
ᠦᠨᠦᠳᠦᠷ ᠦᠨ ᠪᠠᠢᠳᠠᠯ  ᠢᠶᠠᠷ ᠲᠤᠰ ᠪᠣᠭᠤᠮᠲᠠ ᠪᠠᠷ 180 ᠲᠡᠭᠡᠭᠡᠪᠤᠷᠢ ᠶᠢᠨ ᠭᠡᠷᠡᠭᠰᠡᠯ ᠨᠡᠪᠲᠡᠷᠡᠵᠡᠢ᠃ ᠵᠢᠯ ᠳᠤ ᠪᠠᠨ 14 ᠰᠠᠶ᠎ᠠ ᠲᠣᠨ ᠨᠡᠭᠦᠷᠡᠰᠦ ᠡᠺᠰᠫᠣᠷᠲ ᠲᠤ ᠭᠠᠷᠳᠠᠭ᠃  ᠬᠢᠯᠢ ᠶᠢᠨ ᠰᠢᠯᠭᠠᠨ ᠨᠡᠪᠲᠡᠷᠡᠭᠦᠯᠬᠦ ᠭᠠᠷᠴᠠ ᠨᠡᠮᠡᠭᠳᠡᠭᠰᠡᠨ ᠢᠶᠠᠷ ᠪᠣᠭᠤᠮᠲᠠ ᠶᠢᠨ ᠬᠦᠴᠦᠨ ᠴᠢᠳᠡᠯ ᠨᠡᠮᠡᠭᠳᠡᠵᠦ᠂ ᠬᠢᠯᠢ ᠭᠠᠢᠯᠢ ᠶᠢᠨ ᠠᠵᠢᠯᠲᠠᠳ ᠤᠨ ᠠᠵᠢᠯ ᠤᠨ ᠠᠴᠢᠶᠠᠯᠠᠯ ᠪᠠᠭᠠᠰᠴᠤ᠂ ᠠᠵᠢᠯᠯᠠᠬᠤ ᠣᠷᠴᠢᠨ ᠨᠥᠬᠦᠴᠡᠯ ᠰᠠᠢᠵᠢᠷᠠᠬᠤ ᠶᠤᠮ᠃

ᠰᠡᠳᠬᠢᠭᠳᠡᠯ ᠦᠯᠡᠳᠡᠭᠡᠬᠦ