︽ᠵᠠᠮ ᠤᠨ ᠡᠭᠦᠳᠡ︾ᠴᠢᠯᠦᠭᠡᠳᠦ ᠪᠦᠰᠡ ᠶᠢ ᠨᠡᠭᠡᠭᠡᠨ᠎ᠡ | News.MN

︽ᠵᠠᠮ ᠤᠨ ᠡᠭᠦᠳᠡ︾ᠴᠢᠯᠦᠭᠡᠳᠦ ᠪᠦᠰᠡ ᠶᠢ ᠨᠡᠭᠡᠭᠡᠨ᠎ᠡ

ᠵᠠᠰᠠᠭ ᠤᠨ ᠭᠠᠵᠠᠷ ᠤᠨ ᠡᠭᠡᠯᠵᠢᠲᠦ ᠬᠤᠷᠠᠯᠳᠤᠭᠠᠨ ᠳᠣᠯᠣᠳᠤᠭᠠᠷ ᠰᠠᠷ᠎ᠠ ᠶᠢᠨ 28 ᠳᠦ ᠪᠣᠯᠵᠤ᠂ ︽ᠵᠠᠮ ᠤᠨ ᠡᠭᠦᠳᠡ︾ ᠴᠢᠯᠦᠭᠡᠳᠦ ᠪᠦᠰᠡ ᠶᠢ ᠨᠡᠭᠡᠭᠡᠵᠦ᠂ ᠨᠠᠢᠮᠠᠳᠤᠭᠠᠷ ᠰᠠᠷ᠎ᠠ ᠶᠢᠨ 15 ᠤ ᠡᠳᠦᠷ ᠠᠴᠠ ᠭᠦᠨ ᠤ ᠭᠠᠷᠴᠠ ᠪᠠᠷ ᠵᠣᠷᠴᠢᠭᠴᠢ᠂ ᠠᠴᠢᠶ᠎ᠠ ᠲᠡᠭᠡᠭᠡᠪᠦᠷᠢ ᠶᠢᠨ ᠬᠡᠷᠡᠭᠰᠡᠯ ᠢ ᠴᠢᠯᠦᠭᠡᠳᠦ ᠪᠦᠰᠡ ᠳᠤ ᠨᠡᠪᠲᠡᠷᠡᠭᠦᠯᠬᠦ ᠪᠠᠶᠢᠩᠭᠤ ᠶᠢᠨ ᠠᠵᠢᠯᠯᠠᠭ᠎ᠠ ᠶᠢ ᠡᠬᠢᠯᠡᠭᠦᠯᠬᠦ ᠶᠢ ᠡᠭᠦᠷᠭᠡ ᠪᠣᠯᠭᠠᠯ᠎ᠠ᠃ ᠪᠦᠰᠡ ᠳᠤ ᠲᠥᠷᠦ ᠶᠢᠨ ᠦᠢᠯᠡᠴᠢᠯᠡᠭᠡ ᠦᠵᠡᠭᠦᠯᠬᠦ ᠬᠢᠯᠢ᠂ ᠭᠠᠶᠢᠯᠢ᠂ ᠮᠡᠷᠭᠡᠵᠢᠯ ᠤᠨ ᠬᠢᠨᠠᠯᠲᠠ᠂ ᠭᠠᠳᠠᠭᠠᠳᠤ ᠶᠢᠨ ᠢᠷᠭᠡᠠ ᠬᠠᠷᠢᠶᠠᠲᠤ ᠶᠢᠨ ᠠᠯᠪᠠ ᠵᠡᠷᠭᠡ ᠮᠡᠷᠭᠡᠵᠢᠯ ᠤᠨ ᠠᠯᠪᠠᠳ ᠤᠨ ᠦᠶᠯᠡ ᠠᠵᠢᠯᠯᠠᠭ᠎ᠠ ᠶᠠᠪᠤᠭᠤᠯᠬᠤ ᠪᠡᠯᠡᠳᠬᠡᠯ ᠢ ᠬᠠᠩᠭᠠᠭᠤᠯᠬᠤ ᠶᠢ ᠬᠤᠯᠪᠦᠬᠳᠡᠬᠤ ᠰᠠᠶᠢᠳ  ᠨᠠᠷ ᠲᠤ
ᠳᠠᠭᠠᠭᠠᠯᠭᠠᠪᠠ᠃
ᠡᠭᠦᠨ ᠲᠠᠢ ᠬᠤᠯᠪᠤᠭᠳᠠᠭᠤᠯᠤᠨ ᠡᠳ᠋ ᠤᠨ ᠵᠠᠰᠠᠭ ᠤᠨ ᠬᠠᠮᠲᠤ ᠶᠢᠨ ᠠᠵᠢᠯᠯᠠᠭᠠᠨ ᠤ ᠪᠦᠰᠡ ᠶᠢ ᠬᠢᠯᠢ ᠳᠠᠮᠨᠠᠭᠰᠠᠨ ᠪᠠᠶᠢᠭᠤᠯᠤᠮᠵᠢ ᠪᠠᠷ ᠬᠤᠯᠪᠦᠬᠤ ᠠᠰᠠᠭᠤᠳᠠᠯ ᠢᠶᠠᠷ ᠬᠢᠲᠠᠳ ᠤᠨ ᠲᠠᠯ᠎ᠠ ᠲᠠᠢ ᠬᠡᠯᠡᠯᠴᠡᠨ ᠲᠣᠬᠢᠷᠠᠯᠴᠠᠬᠤ᠂ ᠬᠢᠯᠢ ᠶᠢᠨ ᠬᠢᠨᠠᠯᠲᠠ ᠶᠢᠨ ᠴᠡᠭ ᠪᠠᠶᠢᠭᠤᠯᠵᠤ᠂ ᠱᠠᠭᠠᠷᠳᠠᠯᠭ᠎ᠠ ᠲᠠᠢ ᠲᠧᠭᠨᠢᠭ ᠲᠣᠨᠤᠭ ᠲᠥᠬᠦᠭᠡᠷᠦᠮᠵᠢ ᠪᠠᠷ ᠬᠠᠩᠭᠠᠬᠤ ᠪᠦᠲᠦᠭᠡᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠶᠢ ᠶᠠᠭᠠᠷᠠᠯ ᠲᠠᠢ ᠠᠪᠴᠤ ᠬᠡᠷᠡᠭᠵᠢᠭᠦᠯᠬᠦ ᠶᠢ ᠮᠣᠩᠭᠤᠯ ᠤᠯᠤᠰ ᠤᠨ ᠰᠢᠳᠠᠷ ᠰᠠᠶᠢᠳ᠂ ᠭᠠᠳᠠᠭᠠᠳᠤ ᠬᠠᠷᠢᠯᠴᠠᠭᠠᠨ ᠤ ᠰᠠᠶᠢᠳ᠂ ᠬᠠᠤᠯᠢ ᠵᠦᠶ᠂ ᠳᠣᠲᠤᠭᠠᠳᠤ ᠬᠡᠷᠡᠭ ᠤᠨ ᠰᠠᠶᠢᠳ  ᠨᠠᠷ ᠲᠤ ᠡᠭᠦᠷᠭᠡ ᠪᠣᠯᠭᠠᠯ᠎ᠠ᠃

ᠰᠡᠳᠬᠢᠭᠳᠡᠯ ᠦᠯᠡᠳᠡᠭᠡᠬᠦ