ᠡᠮᠦᠨᠡᠳᠦ ᠰᠦᠳᠠᠨ ᠳᠤ ᠳᠣᠯᠤᠭᠠᠨ ᠴᠠᠭᠳᠠᠭ᠎ᠠ ᠡᠭᠦᠷᠭᠡ ᠭᠦᠢᠴᠡᠳᠬᠡᠨ᠎ᠡ | News.MN

ᠡᠮᠦᠨᠡᠳᠦ ᠰᠦᠳᠠᠨ ᠳᠤ ᠳᠣᠯᠤᠭᠠᠨ ᠴᠠᠭᠳᠠᠭ᠎ᠠ ᠡᠭᠦᠷᠭᠡ ᠭᠦᠢᠴᠡᠳᠬᠡᠨ᠎ᠡ

ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠡᠩᠬᠡ ᠶᠢᠨ ᠠᠵᠢᠯᠯᠠᠭᠠᠨ ᠤ ᠭᠠᠵᠠᠷ ᠤᠨ ᠴᠠᠭᠳᠠᠭ᠎ᠠ ᠶᠢᠨ ᠠᠯᠪᠠᠨ ᠠᠴᠠ ᠠᠹᠷᠢᠺᠠ ᠲᠢᠢᠪ ᠤᠨ ᠪᠦᠬᠦᠳᠠ ᠨᠠᠶᠢᠷᠠᠮᠳᠠᠬᠤ ᠡᠮᠦᠨᠡᠳᠦ ᠰᠦᠳᠠᠨ ᠤᠯᠤᠰ ᠲᠤ ᠬᠢ ᠡᠩᠬᠡ ᠶᠢ ᠳᠡᠮᠵᠢᠬᠦ ᠠᠵᠢᠯᠯᠠᠭᠠᠨ ᠳᠤ ᠮᠣᠩᠭᠤᠯ ᠤᠯᠤᠰ ᠤᠨ ᠴᠠᠭᠳᠠᠭ᠎ᠠ ᠶᠢᠨ ᠪᠠᠶᠢᠭᠤᠯᠤᠯᠭ᠎ᠠ ᠶᠢᠨ ᠳᠣᠯᠤᠭᠠᠨ ᠠᠯᠪᠠ ᠬᠠᠭᠠᠭᠴᠢ ᠡᠭᠦᠷᠭᠡ ᠭᠦᠢᠴᠡᠳᠬᠡᠬᠦ ᠪᠠᠷ ᠪᠣᠯᠵᠠᠢ᠃
ᠰᠡᠭᠦᠯ ᠤᠨ ᠲᠠᠪᠤᠨ ᠵᠢᠯ ᠤᠨ ᠬᠤᠭᠤᠴᠠᠭᠠᠨ ᠳᠤ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠡᠩᠬᠡ ᠶᠢ ᠳᠡᠮᠵᠢᠬᠦ ᠠᠵᠢᠯᠯᠠᠭᠠᠨ ᠳᠤ ᠴᠠᠭᠳᠠᠭ᠎ᠠ ᠶᠢᠨ ᠵᠥᠪᠯᠡᠬᠦ ᠪᠠᠷ ᠨᠡᠶᠢᠲᠡ 19 ᠠᠯᠪᠠ ᠬᠠᠭᠠᠭᠴᠢ ᠡᠭᠦᠷᠭᠡ ᠭᠦᠢᠴᠡᠳᠬᠡᠭᠰᠡᠨ᠃ ᠣᠳᠣ ᠶᠢᠨ ᠪᠠᠶᠢᠳᠠᠯ ᠢᠶᠠᠷ ᠨᠢᠭᠡ ᠠᠯᠪᠠ ᠬᠠᠭᠠᠭᠴᠢ ᠡᠭᠦᠷᠭᠡ ᠭᠦᠢᠴᠡᠳᠬᠡᠵᠦ ᠪᠠᠶᠢᠭ᠎ᠠ ᠪᠥᠭᠡᠳ ᠪᠤᠰᠤᠳ ᠨᠢ  ᠡᠬᠡ ᠣᠷᠣᠨ ᠳᠤ ᠪᠠᠨ ᠢᠷᠡᠭᠰᠡᠨ ᠪᠠᠶᠢᠨ᠎ᠡ᠃ ᠡᠭᠦᠷᠭᠡ ᠭᠦᠢᠴᠡᠳᠬᠡᠭᠰᠡᠨ ᠴᠠᠭᠳᠠᠭ᠎ᠠ ᠶᠢᠨ ᠠᠯᠪᠠ ᠬᠠᠭᠠᠭᠴᠢᠳ ᠬᠦᠯᠢᠶᠡᠭᠰᠡᠨ ᠡᠭᠦᠷᠭᠡ ᠪᠠᠨ ᠠᠮᠵᠢᠯᠲᠠ ᠲᠠᠶ ᠭᠦᠢᠴᠡᠳᠭᠡᠭᠰᠡᠨ ᠢᠶᠡᠷ ᠲᠤᠬᠠᠢ ᠶᠢᠨ ᠠᠵᠢᠯᠯᠠᠭᠠᠨ ᠤ ᠴᠠᠭᠳᠠᠭ᠎ᠠ ᠶᠢᠨ ᠠᠯᠪᠠᠨ ᠤ ᠤᠳᠤᠷᠢᠳᠤᠯᠭ᠎ᠠ ᠨᠠᠷ ᠤᠨ ᠢᠲᠡᠭᠡᠯ᠂ ᠬᠦᠨᠳᠦᠳᠬᠡᠯ ᠢ ᠬᠦᠯᠢᠶᠡᠵᠦ᠂ ᠣᠷᠣᠨ ᠲᠤᠭ᠎ᠠ ᠪᠠᠨ ᠨᠡᠮᠡᠭᠳᠡᠭᠦᠯᠵᠦ ᠴᠢᠳᠠᠭᠰᠠᠨ ᠲᠡᠳᠦᠢ ᠦᠭᠡᠢ ᠮᠣᠩᠭᠣᠯ ᠤᠨ ᠴᠠᠭᠳᠠᠭ᠎ᠠ ᠶᠢᠨ ᠤᠷ᠎ᠠ ᠴᠢᠳᠠᠪᠤᠷᠢ ᠶᠢ ᠥᠨᠳᠥᠷ ᠢᠶᠠᠷ ᠦᠨᠡᠯᠡᠭᠦᠯᠦᠭᠰᠡᠨ ᠪᠢᠯᠡ᠃

ᠰᠡᠳᠬᠢᠭᠳᠡᠯ ᠦᠯᠡᠳᠡᠭᠡᠬᠦ