ᠬᠠᠩᠭᠠᠷᠢ ᠤᠯᠤᠰ ᠤᠨ ᠭᠠᠳᠠᠭᠠᠳᠤ ᠬᠡᠷᠡᠭ ᠤᠨ ᠰᠠᠶᠢᠳ ᠠᠶᠢᠯᠴᠢᠯᠠᠪᠠ | News.MN

ᠬᠠᠩᠭᠠᠷᠢ ᠤᠯᠤᠰ ᠤᠨ ᠭᠠᠳᠠᠭᠠᠳᠤ ᠬᠡᠷᠡᠭ ᠤᠨ ᠰᠠᠶᠢᠳ ᠠᠶᠢᠯᠴᠢᠯᠠᠪᠠ

 

ᠬᠠᠩᠭᠠᠷᠢ ᠤᠯᠤᠰ ᠤᠨ ᠭᠠᠳᠠᠭᠠᠳᠤ ᠬᠡᠷᠡᠭ᠂ ᠬᠤᠳᠠᠯᠳᠤᠭᠠᠨ ᠤ ᠰᠠᠶᠢᠳ ᠫᠧᠲ᠋ᠧᠷ ᠰᠢᠶᠠᠶᠠᠷᠲ᠋ᠤ᠋ 29  ᠳᠦ ᠮᠣᠩᠭᠣᠯ ᠤᠯᠤᠰ ᠲᠤ ᠠᠵᠢᠯ ᠤᠨ ᠠᠶᠢᠯᠴᠢᠯᠠᠯ ᠬᠢᠯ᠎ᠡ᠃ ᠲᠡᠷᠡ ᠪᠡᠷ ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ ᠲᠡᠢ ᠠᠯᠪᠠᠨ ᠶᠣᠰᠣᠨ ᠤ ᠶᠠᠷᠢᠶ᠎ᠠ ᠬᠡᠯᠡᠯᠴᠡᠭᠡ ᠬᠢᠵᠦ᠂ ᠬᠣᠶᠠᠷ ᠲᠠᠯ᠎ᠠ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠠᠰᠠᠭᠤᠳᠠᠯ ᠢᠶᠠᠷ ᠳᠡᠯᠭᠡᠷᠡᠩᠭᠦᠢ ᠶᠠᠷᠢᠯᠴᠠᠵᠤ᠂ ᠬᠠᠷᠢᠯᠴᠠᠨ ᠰᠣᠨᠢᠷᠬᠠᠭᠰᠠᠨ ᠣᠯᠠᠨ ᠤᠯᠤᠰ ᠤᠨ ᠠᠰᠠᠭᠤᠳᠠᠯ ᠢᠶᠠᠷ ᠰᠠᠨᠠᠯ ᠰᠣᠯᠢᠯᠴᠠᠯ᠎ᠠ᠃ ᠮᠥᠨ ᠮᠣᠩᠭᠣᠯ᠂ ᠬᠠᠩᠭᠠᠷᠢ ᠶᠢᠨ ᠬᠤᠳᠠᠯᠳᠤᠭ᠎ᠠ᠂ ᠡᠳ᠋  ᠦᠨ ᠵᠠᠰᠠᠭ᠂ ᠬᠥᠷᠥᠩᠭᠡ ᠣᠷᠣᠭᠤᠯᠤᠯᠲᠠ ᠶᠢ ᠨᠡᠮᠡᠭᠳᠡᠭᠦᠯᠬᠦ᠂ ᠬᠤᠪᠢ ᠶᠢᠨ ᠬᠡᠪᠰᠢᠯ ᠬᠣᠭᠣᠷᠣᠨᠳᠣ ᠶᠢᠨ ᠬᠠᠮᠲᠤ ᠶᠢᠨ ᠠᠵᠢᠯᠯᠠᠭᠠᠨ ᠳᠤ ᠳᠡᠮᠵᠢᠯᠭᠡ ᠦᠵᠡᠭᠦᠯᠵᠦ ᠠᠵᠢᠯᠯᠠᠬᠤ ᠪᠠᠷ ᠲᠣᠬᠢᠷᠠᠯᠴᠠᠪᠠ᠃
ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ ᠪᠣᠯᠪᠠᠰᠤᠷᠠᠯ ᠤᠨ ᠰᠠᠯᠪᠤᠷᠢ ᠨᠢ ᠬᠣᠶᠠᠷ ᠲᠠᠯ᠎ᠠ ᠶᠢᠨ ᠬᠠᠷᠢᠯᠴᠠᠭᠠᠨ ᠤ ᠲᠡᠷᠢᠭᠦᠯᠡᠬᠦ ᠴᠢᠭᠯᠡᠯ ᠪᠣᠯᠬᠤ ᠶᠢ ᠣᠨᠴᠠᠯᠠᠵᠤ᠂ ᠰᠤᠶᠤᠯ᠂ ᠺᠢᠨᠣ᠋ ᠤᠷᠠᠯᠢᠭ ᠪᠣᠯᠤᠨ ᠠᠷᠬᠧᠣᠯᠣᠭᠢ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠰᠣᠨᠢᠷᠬᠠᠯ ᠲᠠᠢ ᠪᠠᠶᠢᠭ᠎ᠠ ᠪᠠᠨ ᠢᠯᠡᠷᠬᠡᠶᠢᠯᠡᠪᠡ᠃ ᠫᠧᠲ᠋ᠧᠷ ᠰᠢᠶᠠᠶᠠᠷᠲ᠋ᠤ᠋ ᠬᠣᠶᠠᠷ ᠤᠯᠤᠰ ᠤᠨ ᠠᠵᠤ ᠠᠬᠤᠢ ᠶᠢᠨᠨᠢᠭᠡᠴᠢ ᠨᠦᠭᠦᠳ ᠦᠨ ᠬᠠᠮᠲᠤᠷᠠᠨ ᠬᠡᠷᠡᠭᠵᠢᠭᠦᠯᠬᠦ ᠲᠥᠰᠥᠯ᠂ ᠬᠥᠲᠥᠯᠪᠦᠷᠢ ᠳᠦ ᠰᠠᠩᠬᠦᠦᠵᠢᠯᠲᠡ ᠪᠣᠯᠭᠠᠨ ᠬᠠᠩᠭᠠᠷᠢ ᠶᠢᠨ ᠡᠺᠰᠢᠮ ᠪᠠᠩᠬᠢᠨ ᠠᠴᠠ ᠵᠢᠭᠡᠯᠡ ᠶᠢᠨ ᠱᠤᠭᠤᠮ ᠨᠡᠭᠡᠭᠡᠭᠡᠳ ᠪᠤᠢ ᠶᠢ ᠮᠡᠳᠡᠭᠳᠡᠪᠡ᠃ ᠡᠭᠦᠨ ᠲᠡᠢ ᠬᠣᠯᠪᠣᠭᠳᠠᠭᠤᠯᠤᠨ ᠬᠤᠳᠠᠯᠳᠤᠭ᠎ᠠ᠂ ᠠᠵᠤ ᠦᠢᠯᠡᠳᠪᠦᠷᠢ ᠶᠢᠨ ᠲᠠᠩᠬᠢᠮ ᠬᠣᠭᠣᠷᠣᠨᠳᠣ ᠡᠨᠡ 8 ᠳ᠋ᠤᠭᠠᠷ ᠰᠠᠷ᠎ᠠ ᠳᠤ ᠴᠠᠬᠢᠮ ᠠᠭᠤᠯᠵᠠᠯᠲᠠ ᠵᠣᠬᠢᠶᠠᠨ ᠪᠠᠶᠢᠭᠤᠯᠬᠤ ᠪᠠᠷ ᠪᠣᠯᠪᠠ᠃

ᠰᠡᠳᠬᠢᠭᠳᠡᠯ ᠦᠯᠡᠳᠡᠭᠡᠬᠦ