ᠬᠦᠮᠦᠨ ᠦ ᠡᠷᠬᠡ ᠶᠢᠨ ᠦᠨᠳᠦᠰᠦᠨ ᠦ ᠴᠢᠭᠤᠯᠭᠠᠨ ᠢ ᠵᠣᠬᠢᠶᠠᠨ ᠪᠠᠢᠭᠤᠯᠤᠨ᠎ᠠ | News.MN

ᠬᠦᠮᠦᠨ ᠦ ᠡᠷᠬᠡ ᠶᠢᠨ ᠦᠨᠳᠦᠰᠦᠨ ᠦ ᠴᠢᠭᠤᠯᠭᠠᠨ ᠢ ᠵᠣᠬᠢᠶᠠᠨ ᠪᠠᠢᠭᠤᠯᠤᠨ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠤ᠊∙ᠬᠦᠷᠡᠯᠰᠦ᠋ᠬᠡ ᠥᠨᠥᠳᠥᠷ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠤᠨ ᠭᠡᠰᠢᠭᠦᠳ ᠢ ᠬᠦᠯᠢᠶᠡᠨ ᠠᠪᠴᠤ ᠠᠭᠤᠯᠵᠠᠵᠤ᠂ ᠬᠦᠮᠦᠨ ᠦ ᠡᠷᠬᠡ ᠶᠢ ᠬᠠᠮᠠᠭᠠᠯᠠᠬᠤ ᠴᠢᠭᠯᠡᠯ ᠳᠦ ᠬᠠᠮᠲᠤᠷᠠᠨ ᠠᠵᠢᠯᠯᠠᠬᠤ ᠲᠠᠯ᠎ᠠ ᠪᠠᠷ ᠰᠠᠨᠠᠯ ᠰᠣᠯᠢᠯᠴᠠᠯ᠎ᠠ᠃ ᠠᠭᠤᠯᠵᠠᠯᠲᠠ ᠶᠢᠨ ᠡᠬᠢᠨ ᠳᠦ᠂ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠨᠢ ᠬᠦᠮᠦᠨ ᠦ ᠡᠷᠬᠡ ᠶᠢᠨ ᠵᠠᠷᠴᠢᠮ ᠳᠤ ᠨᠡᠶᠢᠴᠡᠭᠰᠡᠨ ᠬᠠᠤᠯᠢ ᠡᠷᠬᠡ ᠵᠦᠢ ᠶᠢᠨ ᠣᠷᠴᠢᠨ ᠢ ᠪᠦᠷᠢᠳᠦᠭᠦᠯᠬᠦ᠂ ᠦᠨᠳᠦᠰᠦᠨ ᠦ ᠰᠤᠶᠤᠯ᠂ ᠤᠯᠠᠮᠵᠢᠯᠠᠯ ᠤᠨ ᠣᠨᠴᠠᠯᠢᠭ ᠢ ᠰᠢᠩᠭᠡᠭᠡᠭᠰᠡᠨ ᠬᠦᠮᠦᠨ ᠦ ᠡᠷᠬᠡ ᠶᠢᠨ ᠲᠣᠭᠲᠠᠯᠴᠠᠭ᠎ᠠ ᠲᠠᠢ ᠪᠣᠯᠬᠤ᠂ ᠬᠦᠮᠦᠨ ᠦ ᠡᠷᠬᠡ ᠶᠢᠨ ᠪᠣᠯᠪᠠᠰᠤᠷᠠᠯ᠂ ᠰᠤᠶᠤᠯ ᠢ ᠪᠦᠬᠦ ᠱᠠᠲᠤᠨ ᠤ ᠪᠣᠯᠪᠠᠰᠤᠷᠠᠯ ᠤᠨ ᠪᠠᠶᠢᠭᠤᠯᠤᠯᠭ᠎ᠠ ᠨᠤᠭᠤᠳ ᠢᠶᠠᠷ ᠳᠠᠮᠵᠢᠭᠤᠯᠤᠨ ᠲᠦᠭᠡᠭᠡᠨ ᠳᠡᠯᠭᠡᠷᠡᠭᠦᠯᠬᠦ ᠴᠢᠭᠯᠡᠯ ᠳᠦ ᠠᠩᠬᠠᠷᠤᠯ ᠬᠠᠨᠳᠤᠭᠤᠯᠤᠨ ᠠᠵᠢᠯᠯᠠᠵᠤ ᠪᠠᠶᠢᠭ᠎ᠠ ᠲᠠᠯ᠎ᠠ ᠪᠠᠷ ᠮᠣᠩᠭᠣᠯ ᠤᠯᠤᠰ ᠤᠨ ᠶᠡᠷᠦᠩᠬᠡᠶᠢᠯᠡᠭᠴᠢ ᠳᠦ ᠲᠠᠨᠢᠯᠴᠠᠭᠤᠯᠵᠤ᠂ ᠬᠠᠮᠲᠤᠷᠠᠨ ᠠᠵᠢᠯᠯᠠᠬᠤ ᠳᠤ ᠪᠡᠯᠡᠨ ᠪᠠᠶᠢᠭ᠎ᠠ ᠪᠠᠨ ᠬᠡᠯᠡᠭᠰᠡᠨ ᠶᠤᠮ᠃
ᠴᠢᠨᠠᠭᠰᠢᠳᠠ ᠬᠦᠮᠦᠨ ᠦ ᠡᠷᠬᠡ ᠶᠢᠨ ᠠᠰᠠᠭᠤᠳᠠᠯ ᠢᠶᠠᠷ ᠣᠯᠠᠨ ᠨᠡᠶᠢᠲᠡ ᠶᠢᠨ ᠪᠣᠯᠪᠠᠰᠤᠷᠠᠯ ᠢ ᠳᠡᠭᠡᠭᠰᠢᠯᠡᠭᠦᠯᠬᠦ᠂ ᠬᠦᠮᠦᠨ ᠦ ᠡᠷᠬᠡ ᠶᠢᠨ ᠣᠶᠢᠯᠠᠭᠠᠯᠲᠠ ᠶᠢ ᠬᠡᠦᠬᠡᠳ ᠲᠦ ᠪᠠᠭ᠎ᠠ ᠨᠠᠰᠤᠨ ᠠᠴᠠ ᠨᠢ ᠰᠠᠭᠤᠯᠭᠠᠬᠤ᠂ ᠬᠦᠮᠦᠨ ᠦ ᠡᠷᠬᠡ ᠶᠢᠨ ᠥᠨᠳᠥᠷ ᠮᠡᠳᠡᠷᠡᠮᠵᠢ ᠲᠡᠢ ᠢᠷᠭᠡᠨ ᠢ ᠲᠥᠯᠦᠪᠰᠢᠭᠦᠯᠦᠨ ᠪᠣᠶᠢᠵᠢᠭᠤᠯᠬᠤ ᠨᠢ ᠬᠠᠮᠤᠭ ᠠᠴᠠ ᠴᠢᠬᠤᠯᠠ ᠭᠡᠳᠡᠭ ᠢ ᠮᠣᠩᠭᠣᠯ ᠤᠯᠤᠰ ᠤᠨ ᠶᠡᠷᠦᠩᠬᠡᠶᠢᠯᠡᠭᠴᠢ ᠤᠨᠴᠠᠯᠠᠪᠠ᠃ ᠡᠶᠢᠮᠦ ᠤᠴᠢᠷ ᠠᠴᠠ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠲᠠᠢ ᠨᠢᠭᠲᠠ ᠬᠠᠮᠲᠤᠷᠠᠨ ᠠᠵᠢᠯᠯᠠᠵᠤ᠂ ᠶᠡᠷᠦᠩᠬᠡᠶᠢᠯᠡᠭᠴᠢ ᠶᠢᠨ ᠢᠪᠡᠭᠡᠯ ᠳᠣᠣᠷ᠎ᠠ ᠵᠢᠯ ᠪᠦᠷᠢ ᠬᠦᠮᠦᠨ ᠦ ᠡᠷᠬᠡ ᠶᠢᠨ ᠦᠨᠳᠦᠰᠦᠨ ᠦ ᠴᠢᠭᠤᠯᠭᠠᠨ ᠢ ᠵᠣᠬᠢᠶᠠᠨ ᠪᠠᠶᠢᠭᠤᠯᠳᠠᠭ ᠤᠯᠠᠮᠵᠢᠯᠠᠯ ᠢ ᠰᠡᠷᠭᠦᠭᠡᠬᠦ ᠰᠠᠨᠠᠯ ᠢ ᠰᠠᠶᠢᠰᠢᠶᠠᠨ ᠳᠡᠮᠵᠢᠯ᠎ᠡ᠃

ᠰᠡᠳᠬᠢᠭᠳᠡᠯ ᠦᠯᠡᠳᠡᠭᠡᠬᠦ