ᠴᠥᠯᠵᠢᠯᠲᠡ ᠪᠣᠯᠤᠨᠰᠢᠷᠤᠢ ᠶᠢᠨ ᠰᠢᠭᠤᠷᠭ᠎ᠠ ᠲᠠᠢ ᠲᠡᠮᠡᠴᠡᠬᠦ ᠳᠤ ᠵᠡᠪᠰᠡᠭᠲᠦ ᠬᠦᠴᠦᠨ ᠤᠷᠤᠯᠴᠠᠨ᠎ᠠ | News.MN

ᠴᠥᠯᠵᠢᠯᠲᠡ ᠪᠣᠯᠤᠨᠰᠢᠷᠤᠢ ᠶᠢᠨ ᠰᠢᠭᠤᠷᠭ᠎ᠠ ᠲᠠᠢ ᠲᠡᠮᠡᠴᠡᠬᠦ ᠳᠤ ᠵᠡᠪᠰᠡᠭᠲᠦ ᠬᠦᠴᠦᠨ ᠤᠷᠤᠯᠴᠠᠨ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠤ᠊ ∙ᠬᠦᠷᠡᠯᠰᠦ᠋ᠬᠡ ᠪᠠᠲᠤᠯᠠᠨ ᠬᠠᠮᠠᠭᠠᠯᠠᠬᠤ ᠶᠠᠮᠤᠨ᠂ ᠵᠡᠪᠰᠡᠭᠲᠦ ᠬᠦᠴᠦᠨ ᠦ ᠵᠠᠩᠵᠤᠨ ᠱᠲ᠋ᠠᠪ ᠲᠤ ᠠᠵᠢᠯᠯᠠᠯ᠎ᠠ᠃  ᠲᠡᠷᠡ᠄ ᠨᠡᠶᠢᠲᠡ ᠨᠤᠲᠤᠭ ᠤᠨ 70 ᠭᠠᠷᠤᠢ ᠬᠤᠪᠢ ᠨᠢ ᠪᠡᠯᠴᠢᠭᠡᠷ ᠦᠨ ᠳᠣᠷᠣᠶᠢᠲᠠᠯ ᠳᠤ ᠥᠷᠲᠦᠭᠰᠡᠨ ᠡᠨᠡ ᠦᠶ᠎ᠡ ᠳᠦ ᠪᠠᠶᠢᠭᠠᠯᠢ ᠡᠺᠣᠯᠣᠭᠢ᠂ ᠢᠯᠠᠩᠭᠤᠶ᠎ᠠ ᠴᠥᠯᠵᠢᠯᠲᠡ᠂ ᠰᠢᠷᠤᠢ ᠶᠢᠨ ᠰᠢᠭᠤᠷᠭ᠎ᠠ ᠲᠠᠢ ᠲᠡᠮᠡᠴᠡᠬᠦ᠂ ᠭᠠᠮᠰᠢᠭ ᠠᠴᠠ ᠬᠠᠮᠠᠭᠠᠯᠠᠬᠤ ᠳᠤ ᠵᠡᠪᠰᠡᠭᠲᠦ ᠬᠦᠴᠦᠨ ᠬᠤᠪᠢ ᠨᠡᠮᠡᠷᠢ ᠪᠡᠨ ᠤᠷᠤᠭᠤᠯᠬᠤ ᠶᠣᠰᠣᠲᠠᠢ᠃

ᠪᠦᠷᠢᠨ ᠡᠷᠬᠡ ᠶᠢᠨ ᠢᠶᠡᠨ ᠬᠤᠭᠤᠴᠠᠭᠠᠨ ᠳᠤ ᠪᠤᠶᠤ ᠢᠷᠡᠬᠦ ᠵᠢᠷᠭᠤᠭᠠᠨ ᠵᠢᠯ ᠡᠭᠦᠨ ᠳᠦ ᠣᠨᠴᠠᠭᠠᠢ ᠠᠩᠬᠠᠷᠴᠤ᠂ ᠲᠣᠳᠣᠷᠬᠠᠢ ᠲᠥᠰᠥᠯ᠂ ᠬᠥᠲᠥᠯᠪᠦᠷᠢ ᠬᠡᠷᠡᠭᠵᠢᠭᠦᠯᠦᠨ᠎ᠡ ᠭᠡᠪᠡ᠃ ᠮᠦᠨ ᠠᠷᠮᠢ ᠵᠢᠩᠬᠢᠨᠢ ᠡᠷ᠎ᠡ ᠬᠦᠮᠦᠨ ᠪᠣᠯᠭᠠᠳᠠᠭ᠂ ᠡᠷᠦᠬᠡ ᠶᠢᠨ ᠲᠡᠷᠢᠭᠦᠨ ᠪᠡᠯᠡᠳᠬᠡᠳᠡᠭ ᠰᠠᠯᠪᠤᠷᠢ ᠪᠠᠶᠢᠬᠤ ᠶᠢᠨ ᠲᠤᠯᠠᠳᠠ ᠠᠯᠪᠠ ᠬᠠᠭᠠᠭᠴᠢᠳ ᠢ ᠰᠣᠶᠣᠨ ᠭᠡᠭᠡᠷᠡᠭᠦᠯᠬᠦ ᠠᠵᠢᠯ ᠢ ᠲᠠᠰᠤᠷᠠᠯᠲᠠ ᠦᠭᠡᠢ ᠶᠠᠪᠤᠭᠤᠯᠬᠤ᠂ ᠪᠦᠬᠦ ᠱᠠᠲᠤᠨ ᠳᠤ ᠰᠠᠬᠢᠯᠭ᠎ᠠ ᠪᠠᠲᠤ᠂ ᠬᠠᠷᠢᠭᠤᠴᠠᠯᠭ᠎ᠠ ᠶᠢ ᠴᠢᠩᠭᠠᠳᠬᠠᠬᠤ᠂ ᠴᠢᠨᠠᠭᠰᠢᠳᠠ ᠮᠡᠷᠭᠡᠵᠢᠯ ᠦᠨ ᠰᠤᠷᠭᠠᠯᠲᠠ ᠦᠢᠯᠡᠳᠪᠦᠷᠢᠯᠡᠯ ᠦᠨ ᠲᠥᠪ ᠦᠳ ᠲᠡᠢ ᠬᠠᠮᠲᠤᠷᠠᠨ ᠠᠵᠢᠯᠯᠠᠬᠤ ᠵᠡᠷᠭᠡ ᠶᠢ ᠴᠢᠭᠯᠡᠯ ᠪᠣᠯᠭᠠᠪᠠ᠃

ᠰᠡᠳᠬᠢᠭᠳᠡᠯ ᠦᠯᠡᠳᠡᠭᠡᠬᠦ