ᠪᠣᠭᠳᠠ ᠬᠠᠨ ᠲᠡᠮᠦᠷ ᠵᠠᠮ ᠤᠨ ᠠᠵᠢᠯ ᠢ ᠡᠨᠡ ᠰᠠᠷ᠎ᠠ ᠡᠬᠢᠯᠡᠭᠦᠯᠦᠨ᠎ᠡ | News.MN

ᠪᠣᠭᠳᠠ ᠬᠠᠨ ᠲᠡᠮᠦᠷ ᠵᠠᠮ ᠤᠨ ᠠᠵᠢᠯ ᠢ ᠡᠨᠡ ᠰᠠᠷ᠎ᠠ ᠡᠬᠢᠯᠡᠭᠦᠯᠦᠨ᠎ᠡ

ᠵᠠᠮ ᠲᠡᠭᠡᠭᠡᠪᠦᠷᠢ ᠶᠢᠨ ᠬᠥᠭᠵᠢᠯ ᠦᠨ ᠶᠠᠮᠤᠨ ᠤ ᠰᠠᠶᠢᠳ ᠯ ∙ ᠬᠠᠯᠲᠠᠷ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠨᠤᠭᠤᠳ ᠲᠠᠢ ᠬᠣᠯᠪᠣᠭᠠᠲᠠᠢ ᠮᠡᠳᠡᠭᠡᠯᠡᠯ ᠢ ᠦᠭᠭᠦᠯ᠎ᠡ᠃ ᠲᠡᠷᠡ ᠪᠠᠷ᠄ ᠵᠡᠭᠦᠨᠪᠠᠶᠠᠨ᠂ ᠲᠠᠪᠤᠨᠲᠣᠯᠣᠭᠠᠢ ᠴᠢᠭᠯᠡᠯ ᠦᠨ 416 ᠺᠢᠯᠣᠮᠧᠲ᠋ᠷ ᠲᠡᠮᠦᠷ ᠵᠠᠮ ᠤᠨ ᠠᠵᠢᠯ ᠠᠮᠵᠢᠯᠲᠠ ᠲᠠᠢ ᠦᠷᠭᠦᠯᠵᠢᠯᠡᠵᠦ ᠪᠠᠶᠢᠭ᠎ᠠ᠂ ᠲᠡᠭᠦᠰᠬᠡᠯ  ᠱᠠᠲᠤᠨ ᠳᠤ ᠪᠠᠨ ᠣᠷᠣᠭᠰᠠᠨ᠃ ᠲᠠᠪᠤᠨᠲᠣᠯᠣᠭᠠᠢ᠂ ᠭᠠᠰᠢᠭᠤᠨᠰᠤᠬᠠᠢᠲᠤ ᠴᠢᠭᠯᠡᠯ ᠦᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠮᠥᠨ ᠠᠮᠵᠢᠯᠲᠠ ᠲᠠᠢ ᠶᠠᠪᠤᠵᠤ ᠪᠤᠢ ᠪᠥᠭᠡᠳ 2022 ᠣᠨ ᠤ ᠳᠣᠯᠣᠳᠤᠭᠠᠷ ᠰᠠᠷ᠎ᠠ ᠶᠢᠨ ᠨᠢᠭᠡᠨ ᠭᠡᠬᠦ ᠳᠦ ᠬᠢᠯᠢ ᠶᠢᠨ ᠥᠷᠲᠡᠭᠡ ᠪᠦᠷᠢᠨ ᠪᠠᠶᠢᠭᠤᠯᠤᠭᠳᠠᠵᠤ᠂ ᠬᠥᠳᠡᠯᠭᠡᠭᠡᠨ ᠨᠡᠭᠡᠭᠡᠭᠳᠡᠨ᠎ᠡ᠃ ᠡᠭᠦᠨ ᠦ ᠳᠠᠷᠠᠭ᠎ᠠ ᠪᠠᠷ ᠳᠥᠷᠪᠡᠨ ᠲᠣᠮᠣ ᠲᠥᠰᠥᠯ ᠪᠤᠢ᠃
1. ᠵᠡᠭᠦᠨᠪᠠᠶᠠᠨ – ᠬᠠᠩᠭᠢ ᠮᠠᠨᠳᠤᠯ ᠴᠢᠭᠯᠡᠯ ᠦᠨ ᠲᠡᠮᠦᠷ ᠵᠠᠮ᠃ ᠡᠨᠡ ᠪᠣᠭᠣᠮᠲᠠ ᠨᠡᠭᠡᠭᠡᠭᠳᠡᠭᠰᠡᠨ ᠢᠶᠡᠷ ᠠᠭᠤᠯᠠ ᠠᠭᠤᠷᠬᠠᠢ ᠶᠢᠨ ᠪᠦᠲᠦᠭᠡᠭᠳᠡᠬᠦᠨ ᠦ ᠡᠺᠰᠫᠣᠷᠲ ᠨᠡᠮᠡᠭᠳᠡᠬᠦ ᠳᠦ ᠬᠠᠮᠤᠭ ᠤᠨ ᠶᠡᠬᠡ ᠲᠦᠯᠬᠢᠴᠡ ᠪᠣᠯᠬᠤ ᠶᠤᠮ᠃
2. ᠴᠣᠶᠢᠪᠠᠯᠰᠠᠩ – ᠡᠷᠢᠶᠡᠨᠴᠠᠪ ᠴᠢᠭᠯᠡᠯ ᠦᠨ 237 ᠺᠢᠯᠣᠮᠧᠲ᠋ᠷ ᠲᠡᠮᠦᠷ ᠵᠠᠮ ᠪᠤᠢ᠃ ᠳᠣᠷᠣᠨᠠᠲᠤ ᠠᠶᠢᠮᠠᠭ ᠤᠨ ᠴᠣᠶᠢᠪᠠᠯᠰᠠᠩ ᠬᠣᠲᠠ ᠠᠴᠠ ᠬᠦᠭᠡᠲᠦ᠂ ᠪᠢᠴᠢᠭᠲᠦ ᠬᠦᠷᠲᠡᠯᠡᠬᠢ ᠵᠡᠭᠦᠨ ᠪᠣᠰᠤᠭ᠎ᠠ ᠴᠢᠭᠯᠡᠯ ᠦᠨ ᠲᠡᠮᠦᠷ ᠵᠠᠮ ᠤᠨ ᠠᠵᠢᠯ ᠢ ᠢᠷᠡᠬᠦ ᠣᠨ ᠳᠤ ᠡᠬᠢᠯᠡᠭᠦᠯᠬᠦ ᠰᠢᠢᠳᠪᠦᠷᠢ ᠭᠠᠷᠭᠠᠭᠰᠠᠨ᠃
3. ᠪᠠᠷᠠᠭᠤᠨ ᠪᠣᠰᠤᠭ᠎ᠠ ᠴᠢᠭᠯᠡᠯ ᠦᠨ ᠲᠡᠮᠦᠷ ᠵᠠᠮ ᠪᠤᠶᠤ 2280 ᠺᠢᠯᠣᠮᠧᠲ᠋ᠷ ᠲᠡᠮᠦᠷ ᠵᠠᠮ ᠤᠨ ᠠᠰᠠᠭᠤᠳᠠᠯ ᠪᠠᠶᠢᠭ᠎ᠠ᠃
4. ᠪᠣᠭᠳᠠᠬᠠᠨ ᠲᠡᠮᠦᠷ ᠵᠠᠮ ᠤᠨ ᠲᠤᠬᠠᠢ ᠭᠡᠪᠡᠯ ᠥᠩᠭᠡᠷᠡᠭᠰᠡᠨ ᠳᠣᠯᠣᠭ᠎ᠠ ᠬᠣᠨᠣᠭ ᠲᠤ ᠭᠦᠢᠴᠡᠳᠬᠡᠭᠴᠢ ᠪᠠᠶᠢᠭᠤᠯᠤᠯᠭ᠎ᠠ ᠶᠢ ᠲᠣᠳᠣᠷᠠᠭᠤᠯᠤᠭᠰᠠᠨ᠃  ᠡᠭᠦᠨ ᠳᠤ ᠰᠢᠨ᠎ᠡ ᠪᠡᠷ 135 ᠺᠢᠯᠣᠮᠧᠲ᠋ᠷ ᠲᠡᠮᠦᠷ ᠵᠠᠮ ᠪᠠᠷᠢᠨ᠎ᠠ᠃  ᠡᠨᠡ ᠰᠠᠷ᠎ᠠ ᠳᠤ ᠪᠠᠭᠲᠠᠭᠠᠵᠤ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠡᠬᠢᠯᠡᠭᠦᠯᠦᠨ᠎ᠡ ᠭᠡᠯ᠎ᠡ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

Монгол 2021-08-13 202.21.108.235

Монгол