ᠮᠣᠩᠭᠣᠯ ᠤᠯᠤᠰ ᠤᠨ ᠵᠠᠰᠠᠭ ᠤᠨ ᠭᠠᠵᠠᠷ ᠤᠨ ᠡᠭᠡᠯᠵᠢᠲᠦ ᠬᠤᠷᠠᠯᠳᠤᠭᠠᠨᠪᠤᠯᠵᠤ᠂ ᠬᠤᠷᠠᠯᠳᠤᠭᠠᠨ ᠠᠴᠠ ᠭᠠᠷᠭᠠᠭᠰᠠᠨ ᠰᠢᠢᠳᠪᠦᠷᠢ ᠶᠢ ᠬᠦᠨᠡᠰᠦ ᠬᠦᠳᠡᠭᠡ ᠠᠵᠤ ᠠᠬᠤᠢ ᠬᠦᠩᠭᠡᠨ ᠦᠢᠯᠡᠳᠪᠤᠷᠢ ᠶᠢᠨ ᠶᠠᠮᠤᠨ ᠤ ᠰᠠᠶᠢᠳ ᠽ ∙ ᠮᠡᠨᠳᠦᠰᠠᠶᠢᠬᠠᠨ ᠲᠠᠨᠢᠯᠴᠠᠭᠤᠯᠤᠯ᠎ᠠ᠃ ᠲᠡᠷᠡ᠄ ᠡᠨᠡ ᠵᠢᠯ ᠡᠮᠦᠨᠡᠬᠢ ᠵᠢᠯ ᠦᠳ ᠲᠡᠢ ᠬᠠᠷᠢᠴᠠᠭᠤᠯᠬᠤ ᠳᠤ ᠥᠨᠳᠥᠷ ᠤᠷᠭᠤᠴᠠ ᠬᠤᠷᠢᠶᠠᠵᠤ ᠠᠪᠬᠤ ᠲᠥᠯᠥᠪ ᠲᠡᠢ ᠪᠠᠶᠢᠨ᠎ᠠ᠃ ᠡᠨᠡ ᠣᠨ ᠳᠤ 616 ᠮᠢᠩᠭᠠᠨ ᠭᠠ ᠲᠠᠯᠠᠪᠠᠢ ᠳᠤ ᠦᠷ᠎ᠡ ᠲᠠᠷᠢᠶ᠎ᠠ ᠲᠠᠷᠢᠭᠰᠠᠨ᠃ ᠡᠭᠦᠨ ᠦ 461.8 ᠮᠢᠩᠭ᠎ᠠ ᠭᠠ ᠳᠦ ᠤᠯᠠᠭᠠᠨ ᠪᠤᠭᠤᠳᠠᠢ᠂ 19.1 ᠮᠢᠩᠭᠠᠨ ᠭᠠ ᠳᠦ ᠲᠥᠮᠥᠰᠥ᠂ 9.4 ᠮᠢᠩᠭᠠᠨ ᠭᠠ ᠳᠦ ᠬᠦᠨᠡᠰᠦᠨ ᠦ ᠨᠣᠭᠣᠭ᠎ᠠ᠂ 86.4 ᠮᠢᠩᠭᠠᠨ ᠭᠠ ᠳᠦ ᠲᠣᠰᠤᠨ ᠤ ᠤᠷᠭᠤᠮᠠᠯ ᠨᠡᠶᠢᠲᠡ 4.7 ᠮᠢᠩᠭᠠᠨ ᠭᠠ ᠳᠦ ᠵᠢᠮᠢᠰ ᠵᠢᠮᠢᠰᠬᠡᠨ᠎ᠡ ᠲᠠᠷᠢᠶᠠᠯᠠᠭᠰᠠᠨ᠃ ᠰᠣᠶᠣᠭᠠᠯᠠᠯᠲᠠ ᠪᠣᠯᠤᠨ ᠲᠧᠭᠨᠣᠯᠣᠭᠢ ᠶᠢᠨ ᠬᠤᠪᠢ ᠳᠤ 90 ᠬᠤᠪᠢ ᠶᠢᠨ ᠰᠠᠶᠢᠨ ᠳ᠋ᠦᠩ ᠲᠡᠢ ᠪᠠᠶᠢᠭ᠎ᠠ᠃
ᠨᠠᠮᠤᠷ ᠤᠷᠭᠤᠴᠠ ᠪᠠᠨ ᠪᠦᠷᠢᠨ ᠬᠤᠷᠢᠶᠠᠵᠤ ᠠᠪᠬᠤ ᠳᠤ ᠠᠵᠢᠯᠯᠠᠬᠤ ᠬᠦᠴᠦᠨ ᠳᠤᠲᠠᠵᠤ ᠪᠠᠶᠢᠨ᠎ᠠ᠃ ᠡᠶᠢᠮᠦ ᠳᠦ ᠵᠠᠰᠠᠭ ᠤᠨ ᠭᠠᠵᠠᠷ ᠰᠢᠢᠳᠪᠦᠷᠢ ᠭᠠᠷᠭᠠᠵᠤ᠂ ᠮᠡᠷᠭᠡᠵᠢᠯ ᠰᠤᠷᠭᠠᠯᠲᠠ ᠦᠢᠯᠡᠳᠪᠤᠷᠢᠯᠡᠯ ᠤᠨ ᠲᠦᠪ ᠪᠣᠯᠤᠨ ᠶᠡᠬᠡ᠂ ᠳᠡᠭᠡᠳᠦ ᠰᠤᠷᠭᠠᠭᠤᠯᠢ ᠶᠢᠨ ᠣᠶᠤᠲᠠᠨ ᠵᠠᠯᠠᠭᠤᠰ᠂ ᠴᠡᠷᠢᠭ ᠦᠨ ᠠᠯᠪᠠ ᠬᠠᠭᠠᠭᠴᠢᠳ ᠢ ᠤᠷᠭᠤᠴᠠ ᠬᠤᠷᠢᠶᠠᠯᠲᠠ ᠳᠤ ᠤᠷᠤᠯᠴᠠᠭᠤᠯᠤᠨ᠎ᠠ᠃ ᠢᠩᠭᠢᠬᠦ ᠳᠦ ᠪᠡᠨ ᠦᠨ᠎ᠡ ᠦᠭᠡᠢ ᠠᠵᠢᠯᠯᠠᠬᠤ ᠦᠭᠡᠢ᠂ ᠳᠤᠮᠳᠠᠴᠢ ᠪᠠᠷ ᠡᠳᠦᠷ ᠲᠦ 50 ᠮᠢᠩᠭᠠᠨ ᠲᠥᠭᠥᠷᠢᠭ ᠦᠨ ᠴᠠᠯᠢᠩ ᠢᠶᠠᠷ ᠠᠵᠢᠯᠯᠠᠭᠤᠯᠬᠤ ᠳᠤ ᠪᠡᠯᠡᠨ ᠪᠠᠶᠢᠨ᠎ᠠ ᠭᠡᠳᠡᠭ ᠢᠶᠡᠨ ᠠᠵᠤ ᠠᠬᠤᠢ ᠶᠢᠨ ᠨᠢᠭᠡᠴᠢ ᠨᠦᠭᠦᠳ ᠬᠡᠯᠡᠭᠰᠡᠨ ᠭᠡᠯᠡ᠃