ᠤᠭ᠍ᠶᠤᠲᠤᠯᠤᠭᠠᠢ ᠶᠢᠨ ᠭᠦᠨ ᠦ ᠠᠭᠤᠷᠬᠠᠢ ᠶᠢᠨ ᠣᠯᠪᠤᠷᠢᠯᠠᠬᠤ ᠲᠧᠭᠨᠣᠯᠣᠭᠢ ᠶᠢ ᠲᠠᠨᠢᠯᠴᠠᠭᠤᠯᠤᠨ᠎ᠠ | News.MN

ᠤᠭ᠍ᠶᠤᠲᠤᠯᠤᠭᠠᠢ ᠶᠢᠨ ᠭᠦᠨ ᠦ ᠠᠭᠤᠷᠬᠠᠢ ᠶᠢᠨ ᠣᠯᠪᠤᠷᠢᠯᠠᠬᠤ ᠲᠧᠭᠨᠣᠯᠣᠭᠢ ᠶᠢ ᠲᠠᠨᠢᠯᠴᠠᠭᠤᠯᠤᠨ᠎ᠠ

ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢ ᠠᠴᠠ ᠵᠣᠬᠢᠶᠠᠨ ᠪᠠᠶᠢᠭᠤᠯᠵᠤ ᠪᠤᠢ︽ᠭᠦᠨ ᠦ ᠠᠭᠤᠷᠬᠠᠢ ᠶᠢᠨ ᠪᠯᠤᠺᠯᠠᠨ ᠣᠯᠪᠤᠷᠢᠯᠠᠬᠤ ᠲᠧᠭᠨᠣᠯᠣᠭᠢ᠂ ᠠᠷᠭ᠎ᠠ ᠲᠤᠷᠰᠢᠯᠭ᠎ᠠ︾ᠰᠡᠳᠦᠪᠲᠦ ᠣᠯᠠᠨ ᠤᠯᠤᠰ ᠤᠨ ᠴᠠᠬᠢᠮ ᠰᠢᠮᠫᠣᠽᠢᠤᠮ ᠡᠬᠢᠯᠡᠯ᠎ᠡ᠃ ᠲᠤᠰ ᠰᠢᠮᠫᠣᠽᠢᠤᠮ ᠨᠢ ᠬᠣᠶᠠᠷ ᠡᠳᠦᠷ ᠦᠷᠭᠦᠯᠵᠢᠯᠡᠬᠦ ᠶᠤᠮ᠃ ᠥᠨᠥᠳᠥᠷ ᠳᠡᠯᠡᠬᠡᠢ ᠳᠦ 20 ᠬᠦᠷᠬᠦ ᠦᠭᠡᠢ ᠭᠦᠨ ᠦ ᠠᠭᠤᠷᠬᠠᠢ ᠳᠤ ᠪᠯᠤᠺᠯᠠᠨ ᠨᠤᠷᠠᠭᠠᠬᠤ ᠲᠧᠭᠨᠣᠯᠣᠭᠢ ᠠᠰᠢᠭᠯᠠᠵᠤ ᠪᠠᠶᠢᠭ᠎ᠠ ᠪᠥᠭᠡᠳ ᠲᠡᠳᠡᠨ ᠦ ᠲᠥᠯᠥᠭᠡᠯᠡᠯ ᠪᠣᠯᠭᠠᠵᠤ᠂ ᠴᠢᠯᠢ  ᠶᠢᠨ ᠵᠡᠰ ᠦᠨ ᠠᠭᠤᠷᠬᠠᠢ᠂ ᠠᠮᠧᠷᠢᠺᠠ ᠶᠢᠨ ᠮᠣᠯᠢᠪᠳᠧᠨ ᠤ ᠠᠭᠤᠷᠬᠠᠢ᠂ ᠡᠮᠦᠨᠡᠲᠦ ᠠᠹᠷᠢᠺᠠ ᠶᠢᠨ ᠸᠴᠢᠷ ᠡᠷᠳᠡᠨᠢ ᠶᠢᠨ ᠠᠭᠤᠷᠬᠠᠢ ᠶᠢᠨ ᠮᠡᠷᠭᠡᠵᠢᠯᠲᠡᠳ ᠢᠯᠡᠳᠬᠡᠯ ᠲᠠᠯᠪᠢᠵᠤ᠂ ᠥᠪᠡᠷᠰᠡᠳ ᠦᠨ ᠲᠤᠷᠰᠢᠯᠭ᠎ᠠ ᠪᠠᠨ ᠬᠤᠪᠢᠶᠠᠯᠴᠠᠬᠤ ᠶᠤᠮ ᠪᠠᠶᠢᠨ᠎ᠠ᠃ ᠮᠥᠨ ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢ ᠶᠢᠨ ᠡᠷᠳᠡᠮᠲᠡᠨ ᠰᠤᠳᠤᠯᠤᠭᠠᠴᠢ ᠨᠠᠷ ᠢᠯᠡᠳᠬᠡᠯ ᠲᠠᠯᠪᠢᠬᠤ ᠠᠴᠠ ᠭᠠᠳᠠᠨ᠎ᠠ《ᠷᠢᠤ᠋ ᠲᠢᠨᠲ᠋ᠤ᠋》ᠪᠣᠯᠤᠨ ᠤᠭ᠍ᠶᠤᠲᠤᠯᠤᠭᠠᠢ ᠺᠣᠮᠫᠠᠨᠢ ᠶᠢᠨ ᠲᠥᠯᠥᠭᠡᠯᠡᠯ ᠤᠭ᠍ᠶᠤᠲᠤᠯᠤᠭᠠᠢ  ᠶᠢᠨ ᠭᠦᠨ ᠦ ᠠᠭᠤᠷᠬᠠᠢ ᠶᠢᠨ ᠪᠯᠤᠺᠯᠠᠨ ᠣᠯᠪᠤᠷᠢᠯᠠᠬᠤ ᠲᠧᠭᠨᠣᠯᠣᠭᠢ ᠶᠢᠨ ᠲᠠᠯ᠎ᠠ ᠪᠠᠷ ᠲᠠᠨᠢᠯᠴᠠᠭᠤᠯᠭ᠎ᠠ ᠬᠢᠬᠦ ᠪᠡᠷ ᠲᠥᠯᠥᠪᠯᠡᠵᠡᠢ᠃

ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢ ᠨᠢ ᠣᠯᠠᠨ ᠤᠯᠤᠰ ᠲᠤ ᠬᠦᠯᠢᠶᠡᠨ ᠵᠥᠪᠰᠢᠶᠡᠷᠡᠭᠳᠡᠭᠰᠡᠨ ᠭᠧᠣᠲ᠋ᠧᠭᠨᠢᠭ ᠤᠨ ᠰᠤᠳᠤᠯᠭᠠᠨ ᠤ ᠲᠥᠪ ᠪᠤᠯᠬᠤ ᠪᠠᠷ ᠵᠣᠷᠢᠵᠤ ᠪᠠᠶᠢᠭ᠎ᠠ᠃ ᠡᠨᠡ ᠬᠦᠷᠢᠶᠡᠨ ᠳᠦ ᠷᠢᠤ᠋ ᠲᠢᠨᠲ᠋ᠤ᠋ ᠭᠷᠦ᠋ᠫ ᠂ ᠤᠭ᠍ᠶᠤᠲᠤᠯᠤᠭᠠᠢ ᠶᠢᠨ ᠳᠡᠮᠵᠢᠯᠭᠡ ᠲᠡᠢ ᠪᠡᠷ ᠬᠠᠮᠲᠤ ᠶᠢᠨ ᠠᠵᠢᠯᠯᠠᠭ᠎ᠠ ᠶᠢ ᠡᠬᠢᠯᠡᠭᠦᠯᠦᠭᠡᠳ ᠪᠠᠶᠢᠭ᠎ᠠ ᠪᠥᠭᠡᠳ ᠡᠨᠡ ᠬᠦ ᠣᠯᠠᠨ ᠤᠯᠤᠰ ᠤᠨ ᠰᠢᠮᠫᠣᠽᠢᠤᠮ ᠢ《ᠷᠢᠤ᠋ ᠲᠢᠨᠲ᠋ᠤ᠋ ᠮᠣᠩᠭᠣᠯ》 ᠺᠤᠮᠫᠠᠨᠢ ᠳᠡᠮᠵᠢᠨ ᠣᠷᠣᠯᠴᠠᠵᠤ ᠪᠠᠶᠢᠨ᠎ᠠ᠃ ᠰᠢᠮᠫᠣᠽᠢᠤᠮ ᠤᠨ ᠨᠡᠭᠡᠭᠡᠯᠲᠡ ᠳᠦ ᠠᠭᠤᠯᠠ ᠠᠭᠤᠷᠬᠠᠢ᠂ ᠬᠦᠨᠳᠦ ᠦᠢᠯᠡᠳᠪᠦᠷᠢ ᠶᠢᠨ ᠰᠠᠶᠢᠳ ᠭ ∙ ᠶᠤᠨᠳᠤᠨ᠂ ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢ ᠶᠢᠨ ᠫᠷᠣᠹᠧᠰᠰᠣᠷ ᠪ ∙ ᠸᠴᠢᠷᠪᠠᠲᠤ᠂ 《ᠷᠢᠤ᠋ ᠲᠢᠨᠲ᠋ᠤ᠋》  ᠶᠢᠨ ᠵᠡᠰ ᠦᠨ ᠭᠷᠦ᠋ᠫ ᠦᠨ ᠵᠠᠬᠢᠷᠤᠯ ᠪ ∙ ᠪᠣᠯᠣᠳ ᠨᠠᠷ ᠦᠭᠡ ᠬᠡᠯᠡᠯ᠎ᠡ᠃

ᠰᠡᠳᠬᠢᠭᠳᠡᠯ ᠦᠯᠡᠳᠡᠭᠡᠬᠦ