ᠫᠠᠷᠯᠠᠮᠧᠨᠲ ᠤᠨ ᠠᠷᠠᠳᠴᠢᠯᠠᠯ ᠢ ᠪᠡᠬᠢᠵᠢᠭᠦᠯᠬᠦ ᠲᠠᠯ᠎ᠠ ᠪᠠᠷ ᠰᠠᠨᠠᠯ ᠰᠤᠯᠢᠯᠴᠠᠪᠠ | News.MN

ᠫᠠᠷᠯᠠᠮᠧᠨᠲ ᠤᠨ ᠠᠷᠠᠳᠴᠢᠯᠠᠯ ᠢ ᠪᠡᠬᠢᠵᠢᠭᠦᠯᠬᠦ ᠲᠠᠯ᠎ᠠ ᠪᠠᠷ ᠰᠠᠨᠠᠯ ᠰᠤᠯᠢᠯᠴᠠᠪᠠ

ᠰᠸᠢᠰ᠂ ᠮᠣᠩᠭᠣᠯ ᠤᠨ ᠫᠠᠷᠯᠠᠮᠧᠨᠲ ᠤᠨ ᠲᠠᠮᠠᠭ᠎ᠠ ᠶᠢᠨ ᠭᠠᠵᠠᠷ  ᠤᠨ ᠬᠤᠭᠤᠷᠤᠨᠳᠤᠬᠢ ᠬᠠᠮᠲᠤ ᠶᠢᠨ ᠠᠵᠢᠯᠯᠠᠭᠠᠨ ᠤ《ᠮᠣᠩᠭᠣᠯ ᠤᠯᠤᠰ ᠲᠤ ᠫᠠᠷᠯᠠᠮᠧᠨᠲ ᠤᠨ ᠠᠷᠠᠳᠴᠢᠯᠠᠯ ᠢ ᠪᠡᠬᠢᠵᠢᠭᠦᠯᠬᠦ ᠨᠢ》ᠲᠥᠰᠥᠯ ᠢ ᠬᠡᠷᠡᠭᠵᠢᠭᠦᠯᠵᠦ ᠡᠬᠢᠯᠡᠭᠰᠡᠨ᠃ ᠥᠨᠥᠳᠥᠷ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ  ᠰᠸᠢᠰ ᠤᠨ ᠬᠥᠭᠵᠢᠯ ᠦᠨ ᠠᠭᠧᠨᠲᠯᠢᠭ ᠤᠨ ᠰᠢᠨ᠎ᠡ ᠳᠠᠷᠤᠭ᠎ᠠ ᠬᠠᠲᠤᠭᠲᠠᠢ ᠰᠲ᠋ᠧᠹᠠᠨᠢ ᠪᠤᠷᠷᠢ ᠲᠠᠢ ᠠᠭᠤᠯᠵᠠᠨ ᠲᠥᠰᠥᠯ ᠦᠨ ᠬᠡᠷᠡᠭᠵᠢᠯᠲᠡ ᠶᠢᠨ ᠲᠠᠯ᠎ᠠ ᠪᠠᠷ ᠰᠠᠨᠠᠯ ᠰᠣᠯᠢᠯᠴᠠᠯ᠎ᠠ᠃
ᠡᠨᠡ ᠬᠦ ᠲᠥᠰᠥᠯ ᠦᠨ ᠵᠣᠷᠢᠯᠭ᠎ᠠ ᠨᠢ ᠮᠣᠩᠭᠣᠯ ᠤᠯᠤᠰ ᠲᠤ ᠠᠷᠠᠳᠴᠢᠯᠠᠭᠰᠠᠨ ᠵᠠᠰᠠᠭᠯᠠᠯ ᠢ ᠪᠡᠬᠢᠵᠢᠭᠦᠯᠬᠦ᠂ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠨᠡᠮᠡᠯᠲᠡ ᠥᠭᠡᠷᠡᠴᠢᠯᠡᠯᠲᠡ ᠶᠢᠨ ᠬᠦᠷᠢᠶᠡᠨ ᠳᠦ ᠤᠯᠤᠰ ᠤᠨ ᠶᠡᠬᠡ ᠬᠤᠷᠠᠯ ᠤᠨ ᠦᠢᠯᠡ ᠠᠵᠢᠯᠯᠠᠭ᠎ᠠ ᠶᠢ ᠪᠡᠬᠢᠵᠢᠭᠦᠯᠬᠦ᠂ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ ᠪᠣᠯᠤᠨ ᠰᠸᠢᠰ ᠤᠨ ᠫᠠᠷᠯᠠᠮᠧᠨᠲ ᠤᠨ ᠲᠠᠮᠠᠭ᠎ᠠ ᠶᠢᠨ ᠭᠠᠵᠠᠷ ᠤᠨ ᠬᠠᠮᠲᠤ ᠶᠢᠨ ᠠᠵᠢᠯᠯᠠᠭᠠᠨ ᠤ ᠣᠯᠤᠯᠲᠠ ᠠᠮᠵᠢᠯᠲᠠ ᠶᠢ ᠨᠢᠭᠡᠳᠬᠡᠬᠦ ᠵᠠᠮ ᠢᠶᠠᠷ ᠵᠠᠰᠠᠭᠯᠠᠯ ᠤᠨ ᠲᠣᠭᠲᠠᠯᠴᠠᠭ᠎ᠠ ᠶᠢ ᠰᠠᠶᠢᠵᠢᠷᠠᠭᠤᠯᠬᠤ ᠳᠤ ᠣᠷᠣᠰᠢᠨ᠎ᠠ᠃

ᠰᠡᠳᠬᠢᠭᠳᠡᠯ ᠦᠯᠡᠳᠡᠭᠡᠬᠦ