ᠬᠥᠯ ᠪᠥᠮᠪᠥᠭᠡ ᠶᠢᠨ ᠪᠠᠭ 185 ᠳ᠋ᠤᠭᠠᠷ ᠪᠠᠶᠢᠷᠢ ᠳᠤ ᠪᠢᠴᠢᠭᠳᠡᠯ᠎ᠡ | News.MN

ᠬᠥᠯ ᠪᠥᠮᠪᠥᠭᠡ ᠶᠢᠨ ᠪᠠᠭ 185 ᠳ᠋ᠤᠭᠠᠷ ᠪᠠᠶᠢᠷᠢ ᠳᠤ ᠪᠢᠴᠢᠭᠳᠡᠯ᠎ᠡ

ᠣᠯᠠᠨ ᠤᠯᠤᠰ ᠤᠨ ᠬᠥᠯ ᠪᠥᠮᠪᠥᠭᠡ ᠶᠢᠨ ᠬᠣᠯᠪᠣᠭ᠎ᠠ ᠶᠢᠨ  ᠰᠢᠭᠰᠢᠭᠡ ᠪᠠᠭ ᠤᠳ ᠤᠨ ᠴᠢᠨᠰᠠᠭ᠎ᠠ ᠡᠨᠡ ᠰᠠᠷ᠎ᠠ ᠶᠢᠨ 12  ᠳᠦ ᠭᠠᠷᠤᠯ᠎ᠠ᠃ ᠥᠩᠭᠡᠷᠡᠭᠰᠡᠨ 6 ᠪᠣᠯᠤᠨ 7 ᠳ᠋ᠤᠭᠠᠷ ᠰᠠᠷ᠎ᠠ ᠳᠤ ᠴᠢᠨᠰᠠᠭ᠎ᠠ ᠰᠢᠨᠡᠴᠢᠯᠡᠭᠳᠡᠭᠡ ᠦᠭᠡᠢ ᠲᠤᠯᠠ ᠡᠨᠡ ᠤᠳᠠᠭ᠎ᠠ ᠲᠠᠪᠤᠳᠤᠭᠠᠷ ᠰᠠᠷ᠎ᠠ ᠶᠢᠨ 24 ᠡᠴᠡ ᠬᠣᠶᠢᠰᠢ ᠪᠣᠯᠤᠭᠰᠠᠨ ᠣᠯᠠᠨ ᠤᠯᠤᠰ ᠤᠨ ᠴᠢᠨᠠᠷᠲᠠᠢ 350 ᠭᠠᠷᠤᠢ ᠲᠣᠭᠯᠠᠯᠲᠠ ᠶᠢ ᠦᠨᠳᠦᠰᠦᠯᠡᠵᠦ᠂ ᠰᠢᠨ᠎ᠡ ᠴᠢᠨᠰᠠᠭ᠎ᠠ ᠶᠢ ᠭᠠᠷᠭᠠᠭᠰᠠᠨ ᠶᠤᠮ᠃
ᠮᠣᠩᠭᠣᠯ ᠤᠨ ᠦᠨᠳᠦᠰᠦᠨ ᠦ ᠪᠠᠭ ᠡᠮᠦᠨ᠎ᠡ ᠨᠢ 192 ᠳ᠋ᠤᠭᠠᠷ ᠪᠠᠶᠢᠷᠢ ᠳᠤ ᠵᠢᠭᠰᠠᠵᠤ ᠪᠠᠶᠢᠭᠰᠠᠨ ᠪᠣᠯ ᠰᠢᠨ᠎ᠡ ᠪᠡᠷ ᠭᠠᠷᠭᠠᠭᠰᠠᠨ ᠴᠢᠨᠰᠠᠭᠠᠨ ᠳᠤ 185 ᠳ᠋ᠤᠭᠠᠷ ᠪᠠᠶᠢᠷᠢ ᠳᠤ ᠪᠢᠴᠢᠭᠳᠡᠯ᠎ᠡ᠃ ᠤᠴᠢᠷ ᠨᠢ ᠥᠩᠭᠡᠷᠡᠭᠰᠡᠨ ᠵᠢᠷᠭᠤᠳᠤᠭᠠᠷ ᠰᠠᠷ᠎ᠠ ᠶᠢᠨ 7 ᠳᠦ 2022 ᠣᠨ ᠤ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠪᠣᠯᠤᠨ 2023 ᠣᠨ ᠤ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠤᠷᠢᠳᠴᠢᠯᠠᠭᠰᠠᠨ ᠱᠠᠲᠤᠨ ᠤ F ᠬᠡᠰᠡᠭ ᠦᠨ ᠰᠡᠭᠦᠯ ᠦᠨ ᠲᠣᠭᠯᠠᠯᠲᠠ ᠳᠤ ᠥᠪᠡᠷᠰᠡᠳ ᠡᠴᠡ ᠪᠡᠨ ᠢᠯᠡᠭᠦᠦ ᠴᠢᠨᠰᠠᠭ᠎ᠠ ᠲᠠᠢ ᠺᠢᠷᠭᠢᠽᠲ᠋ᠠᠨ ᠤ ᠪᠠᠭ ᠢ 1᠄0  ᠦᠨ ᠬᠠᠷᠢᠴᠠᠭ᠎ᠠ ᠲᠠᠢ ᠪᠠᠷ ᠬᠣᠵᠢᠭᠰᠠᠨ ᠨᠢ ᠨᠥᠯᠦᠭᠡᠯᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ