ᠬᠥᠰᠢᠭ ᠦᠨ ᠬᠥᠨᠳᠡᠢ ᠳᠦ ᠴᠢᠯᠦᠭᠡᠲᠦ ᠪᠥᠰᠡ ᠪᠠᠶᠢᠭᠤᠯᠤᠨ᠎ᠠ | News.MN

ᠬᠥᠰᠢᠭ ᠦᠨ ᠬᠥᠨᠳᠡᠢ ᠳᠦ ᠴᠢᠯᠦᠭᠡᠲᠦ ᠪᠥᠰᠡ ᠪᠠᠶᠢᠭᠤᠯᠤᠨ᠎ᠠ

ᠬᠥᠰᠢᠭ ᠦᠨ ᠬᠥᠨᠳᠡᠢ ᠶᠢᠨ ᠣᠩᠭᠣᠴᠠᠨ ᠤ ᠪᠠᠭᠤᠳᠠᠯ ᠳᠠᠭᠠᠭᠰᠠᠨ ᠰᠢᠨ᠎ᠡ ᠰᠠᠭᠤᠷᠢᠰᠢᠯ ᠤᠨ ᠪᠥᠰᠡ ᠪᠠᠶᠢᠭᠤᠯᠬᠤ ᠠᠵᠢᠯ ᠡᠬᠢᠯᠡᠭᠰᠡᠨ ᠲᠡᠢ ᠬᠣᠯᠪᠣᠭᠠᠲᠠᠢ ᠪᠠᠷ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠰᠠᠭᠤᠷᠢᠰᠢᠯ ᠤᠨ ᠪᠥᠰᠡ ᠪᠠᠶᠢᠭᠤᠯᠬᠤ ᠠᠵᠢᠯ ᠤᠨ ᠬᠡᠰᠡᠭ᠂ ᠬᠣᠯᠪᠣᠭᠳᠠᠬᠤ ᠶᠠᠮᠤᠳ ᠤᠨ ᠠᠯᠪᠠᠨ ᠲᠤᠰᠢᠶᠠᠯᠲᠠᠳ ᠪᠣᠯᠤᠨ ᠤᠯᠤᠰ ᠤᠨ ᠶᠡᠬᠡ ᠬᠤᠷᠠᠯ ᠤᠨ ᠡᠳ᠋  ᠦᠨ ᠵᠠᠰᠠᠭ ᠤᠨ ᠪᠠᠶᠢᠩᠭᠤ ᠶᠢᠨ ᠬᠣᠷᠢᠶᠠᠨ ᠤ ᠳᠠᠷᠤᠭ᠎ᠠ ᠵ∙ᠭᠠᠩᠪᠠᠭᠠᠲᠤᠷ ᠨᠠᠷ ᠲᠠᠢ ᠠᠭᠤᠯᠵᠠᠵᠠᠢ᠃

ᠭ ∙ᠽᠠᠨᠳᠠᠨᠰᠢᠲᠠᠷ᠎ᠠ᠄ ᠡᠨᠡ ᠬᠦ ᠰᠠᠭᠤᠷᠢᠰᠢᠯ ᠤᠨ ᠪᠥᠰᠡ ᠶᠢᠨ ᠲᠥᠯᠥᠪᠯᠡᠯᠲᠡ ᠶᠢ ᠡᠬᠢᠨ ᠡᠴᠡ ᠨᠢ ᠵᠥᠪ ᠵᠣᠬᠢᠶᠠᠨ  ᠪᠠᠢᠭᠤᠯᠤᠭᠰᠠᠨ ᠢᠶᠠᠷ ᠮᠣᠩᠭᠣᠯ ᠤᠯᠤᠰ ᠤᠨ ᠡᠳ᠋ ᠦᠨ ᠵᠠᠰᠠᠭ ᠤᠨ ᠬᠥᠭᠵᠢᠯ ᠦᠨ ᠬᠤᠷᠳᠤ ᠶᠢ ᠬᠣᠶᠠᠷ ᠳᠠᠬᠢᠨ ᠨᠡᠮᠡᠭᠳᠡᠭᠦᠯᠬᠦ᠂ ᠤᠯᠠᠭᠠᠨᠪᠠᠭᠠᠲᠤᠷ ᠬᠣᠲᠠ ᠶᠢᠨ ᠲᠥᠪᠯᠡᠷᠡᠯ ᠢ ᠰᠠᠭᠠᠷᠠᠭᠤᠯᠬᠤ᠂ ᠵᠠᠮ ᠤᠨ ᠲᠦᠭᠵᠢᠷᠡᠯ ᠢ ᠪᠠᠭᠤᠷᠠᠭᠤᠯᠬᠤ ᠵᠡᠷᠭᠡ ᠲᠤᠯᠭᠠᠮᠳᠠᠭᠰᠠᠨ ᠣᠯᠠᠨ ᠠᠰᠠᠭᠤᠳᠠᠯ ᠢ ᠰᠢᠢᠳᠬᠦ ᠪᠣᠯᠤᠮᠵᠢ ᠲᠠᠢ᠃

ᠬᠥᠰᠢᠭ ᠦᠨ ᠬᠥᠨᠳᠡᠢ ᠳᠦ ᠴᠢᠯᠦᠭᠡᠲᠦ ᠪᠥᠰᠡ ᠪᠠᠶᠢᠭᠤᠯᠬᠤ ᠨᠢ ᠵᠦᠢᠲᠡᠢ ᠬᠡᠮᠡᠨ ᠦᠵᠡᠵᠦ ᠪᠠᠶᠢᠭ᠎ᠠ᠃ ᠴᠢᠯᠦᠭᠡᠲᠦ ᠪᠥᠰᠡ ᠪᠠᠶᠢᠭᠤᠯᠤᠭᠰᠠᠨ ᠢᠶᠠᠷ ᠮᠣᠩᠭᠣᠯ ᠤᠯᠤᠰ ᠤᠨ ᠡᠳ᠋ ᠦᠨ ᠵᠠᠰᠠᠭ ᠰᠡᠷᠭᠦᠬᠦ ᠪᠣᠯᠤᠮᠵᠢ ᠬᠠᠷᠠᠭᠳᠠᠵᠤ ᠪᠠᠶᠢᠭ᠎ᠠ ᠲᠤᠯᠠ ᠲᠥᠷᠥ᠂ ᠬᠤᠪᠢ ᠶᠢᠨ ᠬᠡᠪᠰᠢᠯ ᠦᠨ ᠬᠠᠮᠲᠤ ᠶᠢᠨ ᠠᠵᠢᠯᠯᠠᠭ᠎ᠠ ᠶᠢ ᠳᠡᠮᠵᠢᠬᠦ᠂ ᠠᠵᠤ ᠠᠬᠤᠢ ᠶᠢᠨ ᠨᠢᠭᠡᠴᠡ᠂ ᠢᠷᠭᠡᠳ ᠦᠨ ᠪᠢᠽᠢᠨᠧᠰ  ᠲᠦ ᠲᠠᠲᠠᠪᠤᠷᠢ ᠶᠢᠨ ᠬᠥᠩᠭᠡᠯᠡᠯᠲᠡ᠂ ᠴᠢᠯᠦᠭᠡᠯᠡᠯᠲᠡ ᠦᠵᠡᠭᠦᠯᠬᠦ᠂ ᠢᠫᠣᠲ᠋ᠧᠺ ᠤᠨ ᠵᠢᠭᠡᠯᠡ ᠶᠢᠨ ᠬᠦᠦ ᠶᠢ ᠪᠠᠭᠤᠷᠠᠭᠤᠯᠬᠤ ᠵᠡᠷᠭᠡ ᠴᠣᠭᠴᠠ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ ᠭᠡᠵᠡᠢ᠃

ᠰᠡᠳᠬᠢᠭᠳᠡᠯ ᠦᠯᠡᠳᠡᠭᠡᠬᠦ