ᠤᠯᠤᠰ ᠤᠨ ᠬᠡᠮᠵᠢᠶᠡᠨ ᠳᠦ ᠨᠡᠶᠢᠭᠡᠮ ᠤᠨ ᠬᠠᠯᠠᠮᠵᠢ ᠳᠤ ᠬᠠᠮᠤᠷᠤᠭᠳᠠᠵᠤ ᠪᠠᠶᠢᠭ᠎ᠠ 2.3 ᠰᠠᠶ᠎ᠠ ᠢᠷᠭᠡᠨ ᠪᠠᠶᠢᠭ᠎ᠠ ᠨᠢ ᠥᠩᠭᠡᠷᠡᠭᠰᠡᠨ ᠣᠨ ᠤ ᠮᠥᠨᠦᠶᠡ ᠡᠴᠡ 113 ᠮᠢᠩᠭ᠎ᠠ ᠪᠠᠷ ᠨᠡᠮᠡᠭᠳᠡᠭᠰᠡᠨ ᠲᠠᠯ᠎ᠠ ᠪᠠᠷ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶᠠᠨ ᠠᠴᠠ ᠮᠡᠳᠡᠭᠡᠯᠡᠯ᠎ᠡ᠃ 2.3 ᠰᠠᠶ᠎ᠠ ᠢᠷᠭᠡᠨ ᠦ 53 ᠬᠤᠪᠢ ᠨᠢ ᠬᠡᠦᠬᠡᠳ ᠦᠨ ᠮᠥᠩᠭᠥ ᠠᠪᠳᠠᠭ᠃ ᠦᠯᠡᠳᠡᠭᠰᠡᠨ ᠨᠢ ᠲᠡᠳᠬᠦᠪᠦᠷᠢ᠂ ᠲᠡᠳᠬᠦᠮᠵᠢ ᠶᠢᠨ ᠦᠢᠯᠡᠴᠢᠯᠡᠭᠡ ᠠᠪᠴᠤ ᠪᠠᠶᠢᠭ᠎ᠠ ᠪᠣᠯᠤᠨ ᠣᠯᠠᠨ ᠬᠡᠦᠬᠡᠳ ᠲᠡᠢ ᠡᠷᠦᠬᠡ ᠲᠣᠯᠣᠭᠠᠶᠢᠯᠠᠭᠰᠠᠨ ᠡᠴᠢᠭᠡ᠂ ᠡᠬᠡ ᠶᠢᠨ ᠲᠡᠳᠬᠦᠮᠵᠢ ᠠᠪᠴᠤ ᠪᠤᠢ ᠢᠷᠭᠡᠳ ᠪᠠᠶᠢᠨ᠎ᠠ᠃
ᠨᠡᠶᠢᠭᠡᠮ ᠤᠨ ᠳᠠᠭᠠᠳᠬᠠᠯ ᠤᠨ ᠰᠠᠩ ᠤᠨ ᠣᠷᠣᠯᠭ᠎ᠠ 1.9 ᠶᠡᠬᠡ ᠨᠠᠶᠤᠳ ᠲᠥᠭᠥᠷᠢᠭ ᠲᠦ ᠬᠦᠷᠴᠡᠢ᠃ ᠲᠤᠰ ᠰᠠᠩ ᠠᠴᠠ ᠡᠨᠡ ᠣᠨ ᠤ ᠡᠬᠢᠨ ᠦ ᠳᠣᠯᠣᠭᠠᠨ ᠰᠠᠷ᠎ᠠ ᠶᠢᠨ ᠪᠠᠶᠢᠳᠠᠯ ᠢᠶᠠᠷ 457.4 ᠮᠢᠩᠭᠠᠨ ᠢᠷᠭᠡᠨ ᠲᠡᠳᠬᠦᠪᠦᠷᠢ᠂ ᠲᠡᠳᠬᠦᠮᠵᠢ ᠠᠪᠴᠤ ᠪᠠᠶᠢᠭ᠎ᠠ᠃ ᠡᠨᠡ ᠨᠢ ᠥᠩᠭᠡᠷᠡᠭᠰᠡᠨ ᠣᠨ ᠤ ᠮᠥᠨ ᠦᠶ᠎ᠡ ᠲᠡᠢ ᠬᠠᠷᠢᠴᠠᠭᠤᠯᠬᠤ ᠳᠤ 16.4 ᠮᠢᠩᠭᠠᠨ ᠬᠦᠮᠦᠨ ᠢᠶᠡᠷ ᠨᠡᠮᠡᠭᠳᠡᠭᠰᠡᠨ ᠶᠤᠮ᠃ ᠢᠩᠭᠢᠵᠦ ᠨᠡᠮᠡᠭᠳᠡᠬᠦ ᠳᠦ ᠲᠡᠳᠬᠦᠪᠦᠷᠢ ᠶᠢᠨ ᠨᠠᠰᠤᠨ ᠤ ᠢᠷᠭᠡᠳ ᠦᠨ ᠲᠣᠭ᠎ᠠ 18.4 ᠮᠢᠩᠭ᠎ᠠ ᠪᠠᠷ ᠨᠡᠮᠡᠭᠳᠡᠭᠰᠡᠨ ᠨᠢ ᠭᠣᠣᠯᠯᠠᠨ ᠨᠥᠯᠦᠭᠡᠯᠡᠵᠡᠢ᠃