ᠶᠡᠷᠦᠩᠬᠡᠶᠢᠯᠡᠭᠴᠢ ᠣᠷᠣᠰ ᠬᠣᠯᠪᠣᠭᠠᠨ ᠤ ᠤᠯᠤᠰ ᠳᠦ ᠠᠶᠢᠯᠴᠢᠯᠠᠨ᠎ᠠ | News.MN

ᠶᠡᠷᠦᠩᠬᠡᠶᠢᠯᠡᠭᠴᠢ ᠣᠷᠣᠰ ᠬᠣᠯᠪᠣᠭᠠᠨ ᠤ ᠤᠯᠤᠰ ᠳᠦ ᠠᠶᠢᠯᠴᠢᠯᠠᠨ᠎ᠠ

ᠮᠣᠩᠭᠣᠯ ᠤᠯᠤᠰ ᠠᠴᠠ ᠣᠷᠣᠰ  ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠳ ∙ ᠳᠠᠸᠠ ᠣᠷᠣᠰ  ᠤᠨ ᠭᠠᠳᠠᠭᠠᠳᠤ ᠬᠡᠷᠡᠭ ᠦᠨ ᠣᠷᠣᠯᠠᠭᠴᠢ ᠰᠠᠶᠢᠳ ᠢ᠊∙ᠸ∙ᠮᠤᠷᠭᠤᠯᠤᠸ᠋ ᠢ ᠡᠨᠡ ᠰᠠᠷ᠎ᠠ ᠶᠢᠨ 12 ᠳᠤ ᠡᠯᠴᠢᠨ ᠰᠠᠶᠢᠳ ᠤᠨ ᠶᠠᠮᠤᠨ ᠤ ᠵᠤᠰᠠᠯᠠᠩ ᠳᠤ ᠬᠦᠯᠢᠶᠡᠨ ᠠᠪᠴᠤ ᠠᠭᠤᠯᠵᠠᠪᠠ᠃
ᠠᠭᠤᠯᠵᠠᠯᠲᠠ ᠪᠠᠷ ᠬᠤᠶᠠᠷ ᠲᠠᠯ᠎ᠠ  ᠮᠣᠩᠭᠣᠯ᠂ ᠣᠷᠣᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 100 ᠵᠢᠯ ᠦᠨ ᠣᠢ ᠶᠢ ᠲᠡᠮᠳᠡᠭᠯᠡᠬᠦ ᠬᠠᠮᠲᠤᠷᠠᠭᠰᠠᠨ ᠲᠥᠯᠦᠪᠯᠡᠭᠡᠨ ᠦ ᠬᠡᠷᠡᠭᠵᠢᠯᠲᠡ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠣᠷᠣᠰ  ᠲᠤ ᠬᠢᠬᠦ ᠪᠡᠷ ᠲᠥᠯᠥᠪᠯᠡᠵᠦ ᠪᠤᠢ ᠠᠶᠢᠯᠴᠢᠯᠠᠯ ᠤᠨ ᠪᠡᠯᠡᠳᠬᠡᠯ᠂ ᠡᠯᠴᠢᠨ ᠰᠠᠶᠢᠳ ᠤᠨ ᠶᠠᠮᠤᠨ ᠤ ᠳᠡᠷᠭᠡᠳᠡᠬᠢ ᠬᠤᠳᠠᠯᠳᠤᠭᠠᠨ ᠤ ᠲᠥᠯᠥᠭᠡᠯᠡᠭᠴᠢ ᠶᠢᠨ ᠭᠠᠵᠠᠷ ᠤᠨ ᠦᠢᠯᠡ ᠠᠵᠢᠯᠯᠠᠭ᠎ᠠ ᠪᠣᠯᠤᠨ ᠣᠷᠣᠰ ᠲᠤ ᠰᠤᠷᠤᠯᠴᠠᠳᠠᠭ ᠮᠣᠩᠭᠣᠯ ᠤᠶᠤᠲᠠᠳ ᠢ ᠢᠷᠡᠬᠦ ᠰᠠᠷ᠎ᠠ ᠠᠴᠠ ᠲᠠᠩᠬᠢᠮ ᠤᠨ ᠰᠤᠷᠭᠠᠯᠲᠠ ᠳᠤ ᠬᠠᠮᠤᠷᠤᠭᠤᠯᠬᠤ ᠪᠣᠯᠤᠮᠵᠢ ᠶᠢ ᠬᠠᠩᠭᠠᠬᠤ ᠵᠡᠷᠭᠡ ᠠᠰᠠᠭᠤᠳᠠᠯ ᠢᠶᠠᠷ ᠰᠠᠨᠠᠯ  ᠰᠤᠯᠢᠯᠴᠠᠵᠠᠢ᠃

ᠰᠡᠳᠬᠢᠭᠳᠡᠯ ᠦᠯᠡᠳᠡᠭᠡᠬᠦ