ᠵᠠᠰᠠᠭ ᠤᠨ ᠭᠠᠵᠠᠷ ᠲᠠᠪᠤᠨ ᠦᠨᠳᠦᠰᠦᠨ ᠦ ᠬᠣᠷᠢᠶ᠎ᠠ ᠪᠠᠶᠢᠭᠤᠯᠤᠨ᠎ᠠ | News.MN

ᠵᠠᠰᠠᠭ ᠤᠨ ᠭᠠᠵᠠᠷ ᠲᠠᠪᠤᠨ ᠦᠨᠳᠦᠰᠦᠨ ᠦ ᠬᠣᠷᠢᠶ᠎ᠠ ᠪᠠᠶᠢᠭᠤᠯᠤᠨ᠎ᠠ

ᠶᠡᠷᠦᠩᠬᠡᠢ ᠰᠠᠶᠢᠳ ᠯ ∙ᠤᠶᠤᠡᠡᠷᠳᠡᠨᠢ ᠥᠴᠥᠭᠡᠳᠦᠷ ᠬᠤᠪᠢ ᠶᠢᠨ ᠬᠡᠪᠰᠢᠯ ᠪᠣᠯᠤᠨ ᠬᠥᠷᠥᠩᠭᠡ ᠣᠷᠣᠭᠤᠯᠤᠭᠴᠢᠳ ᠤᠨ ᠲᠥᠯᠥᠭᠡᠯᠡᠯ ᠲᠡᠢ ᠠᠭᠤᠯᠵᠠᠬᠤ ᠳᠤ ᠪᠠᠨ ᠬᠡᠳᠦ ᠬᠡᠳᠦᠨ ᠦᠨᠳᠦᠰᠦᠨ ᠦ ᠬᠣᠷᠢᠶ᠎ᠠ ᠪᠠᠶᠢᠭᠤᠯᠵᠤ᠂ ᠶᠡᠷᠦᠩᠬᠡᠢ ᠰᠠᠶᠢᠳ ᠤᠳᠤᠷᠢᠳᠤᠨ᠎ᠠ ᠭᠡᠰᠡᠨ ᠶᠤᠮ᠃ ᠲᠣᠳᠣᠷᠠᠭᠤᠯᠪᠠᠯ᠂ ᠳᠠᠷᠠᠭᠠᠬᠢ ᠬᠣᠷᠢᠶᠠᠳ ᠢ ᠪᠠᠶᠢᠭᠤᠯᠬᠤ ᠪᠠᠷ ᠲᠥᠯᠥᠪᠯᠡᠵᠡᠢ᠃
– ᠴᠠᠷ᠎ᠠ ᠲᠠᠬᠤᠯ ᠤᠨ ᠦᠶ᠎ᠡ ᠶᠢᠨ ᠡᠳ᠋ ᠦᠨ ᠵᠠᠰᠠᠭ ᠤᠨ ᠡᠷᠴᠢᠮᠵᠢᠭᠦᠯᠵᠦ᠂ ᠡᠺᠰᠫᠣᠷᠲ ᠢ ᠨᠡᠮᠡᠭᠳᠡᠭᠦᠯᠵᠦ᠂ ᠢᠮᠫᠣᠷᠲ ᠢ ᠤᠷᠤᠯᠠᠬᠤ ᠦᠨᠳᠦᠰᠦᠨ ᠦ ᠦᠢᠯᠡᠳᠪᠦᠷᠢᠯᠡᠯ ᠢ ᠳᠡᠮᠵᠢᠵᠦ᠂ ᠲᠥᠷᠥ ᠬᠤᠪᠢ ᠶᠢᠨ ᠬᠡᠪᠰᠢᠯ ᠦᠨ ᠲᠦᠩᠰᠢᠯᠡᠯ ᠢ ᠪᠡᠬᠢᠵᠢᠭᠦᠯᠵᠦ᠂ ᠬᠥᠷᠥᠩᠭᠡ ᠣᠷᠣᠭᠤᠯᠤᠯᠲᠠ ᠶᠢ ᠨᠡᠮᠡᠭᠳᠡᠭᠦᠯᠬᠦ ᠦᠨᠳᠦᠰᠦᠨ ᠦ ᠬᠣᠷᠢᠶ᠎ᠠ᠂
– ᠴᠠᠬᠢᠮ ᠵᠠᠰᠠᠭᠯᠠᠯ ᠳᠤ ᠰᠢᠯᠵᠢᠵᠦ᠂ ᠬᠦᠨᠳᠦ ᠰᠤᠷᠲᠠᠯ᠂ ᠠᠪᠯᠢᠭ᠎ᠠ ᠦᠭᠡᠢ᠂ ᠴᠢᠳᠠᠪᠤᠷᠢᠯᠢᠭ ᠲᠥᠷᠥ ᠶᠢᠨ ᠦᠢᠯᠡᠴᠢᠯᠡᠭᠡ ᠶᠢ ᠪᠤᠢ ᠪᠣᠯᠭᠠᠬᠤ ᠰᠢᠨᠡᠴᠢᠯᠡᠯ ᠦᠨ ᠦᠨᠳᠦᠰᠦᠨ ᠦ ᠬᠣᠷᠢᠶ᠎ᠠ
– ᠨᠡᠶᠢᠰᠯᠡᠯ ᠤᠯᠠᠭᠠᠨᠪᠠᠭᠠᠲᠤᠷ ᠬᠣᠲᠠ ᠶᠢᠨ ᠠᠦ᠋ᠲ᠋ᠣ᠋ ᠵᠠᠮ ᠤᠨ ᠲᠦᠭᠵᠢᠷᠡᠯ ᠢ ᠪᠠᠭᠤᠷᠠᠭᠤᠯᠵᠤ᠂ ᠬᠣᠲᠠ ᠬᠥᠳᠡᠭᠡ ᠶᠢᠨ ᠬᠥᠭᠵᠢᠯ ᠦᠨ ᠲᠡᠩᠴᠡᠪᠦᠷᠢ ᠶᠢ ᠬᠠᠩᠭᠠᠵᠤ᠂ ᠲᠥᠪᠯᠡᠷᠡᠯ ᠢ ᠰᠠᠭᠠᠷᠠᠭᠤᠯᠬᠤ ᠦᠨᠳᠦᠰᠦᠨ ᠦ ᠬᠣᠷᠢᠶ᠎ᠠ
-ᠢᠷᠭᠡᠳ ᠦᠨ ᠣᠷᠣᠨ ᠰᠠᠭᠤᠴᠠᠵᠢᠭᠤᠯᠤᠯᠲᠠ ᠶᠢ ᠨᠡᠮᠡᠭᠳᠡᠭᠦᠯᠵᠦ᠂ ᠬᠤᠷᠠᠮᠳᠤᠯᠠᠯ ᠤᠨ ᠨᠢᠭᠡᠳᠦᠭᠰᠡᠨ ᠰᠠᠩ᠂ ᠦᠨᠳᠦᠰᠦᠨ ᠦ ᠪᠠᠶᠠᠯᠢᠭ ᠤᠨ ᠰᠠᠩ ᠢ ᠪᠦᠷᠢᠳᠦᠭᠦᠯᠵᠦ᠂ ᠳᠤᠮᠳᠠᠴᠢ ᠳᠠᠪᠬᠤᠷᠭ᠎ᠠ ᠶᠢ ᠲᠡᠯᠡᠬᠦ ᠦᠨᠳᠦᠰᠦᠨ ᠦ ᠬᠣᠷᠢᠶ᠎ᠠ
-ᠣᠯᠢᠮᠫᠢᠰᠮ ᠢ ᠳᠡᠯᠭᠡᠷᠡᠭᠦᠯᠵᠦ᠂ ᠬᠦᠮᠦᠨ ᠦ ᠬᠥᠭᠵᠢᠯ ᠦᠨ ᠰᠢᠯᠭᠠᠭᠤᠷ ᠦᠵᠡᠭᠦᠯᠦᠯᠲᠡ ᠶᠢ ᠰᠠᠶᠢᠵᠢᠷᠠᠭᠤᠯᠵᠤ᠂ ᠠᠮᠢᠳᠤᠷᠠᠯ ᠤᠨ ᠴᠢᠨᠠᠷ ᠢ ᠳᠡᠭᠡᠭᠰᠢᠯᠡᠭᠦᠯᠬᠦ ᠦᠨᠳᠦᠰᠦᠨ ᠦ ᠬᠣᠷᠢᠶ᠎ᠠ᠃

ᠰᠡᠳᠬᠢᠭᠳᠡᠯ ᠦᠯᠡᠳᠡᠭᠡᠬᠦ