ᠡᠷᠦᠳᠡᠰᠦ ᠪᠠᠶᠠᠯᠢᠭ ᠤᠨ ᠰᠠᠯᠪᠤᠷᠢ ᠲᠥᠰᠥᠪ ᠲᠦ 2.5 ᠶᠡᠬᠡ ᠨᠠᠶᠤᠳ ᠲᠥᠭᠥᠷᠢᠭ ᠲᠥᠪᠯᠡᠷᠡᠭᠦᠯᠪᠡ | News.MN

ᠡᠷᠦᠳᠡᠰᠦ ᠪᠠᠶᠠᠯᠢᠭ ᠤᠨ ᠰᠠᠯᠪᠤᠷᠢ ᠲᠥᠰᠥᠪ ᠲᠦ 2.5 ᠶᠡᠬᠡ ᠨᠠᠶᠤᠳ ᠲᠥᠭᠥᠷᠢᠭ ᠲᠥᠪᠯᠡᠷᠡᠭᠦᠯᠪᠡ

ᠡᠷᠦᠳᠡᠰᠦ ᠪᠠᠶᠠᠯᠢᠭ ᠤᠨ ᠰᠠᠯᠪᠤᠷᠢ ᠠᠴᠠ ᠡᠨᠡ ᠣᠨ ᠤ ᠡᠬᠢᠨ ᠦ ᠵᠢᠷᠭᠤᠭᠠᠨ ᠰᠠᠷ᠎ᠠ ᠶᠢᠨ ᠪᠠᠶᠢᠳᠠᠯ ᠢᠶᠠᠷ ᠤᠯᠤᠰ ᠤᠨ ᠲᠥᠰᠥᠪ ᠲᠦ 2.5 ᠶᠡᠬᠡ ᠨᠠᠶᠤᠳ ᠲᠥᠭᠥᠷᠢᠭ ᠲᠥᠪᠯᠡᠷᠡᠭᠦᠯᠵᠡᠢ᠃ ᠡᠨᠡ ᠨᠢ ᠥᠩᠭᠡᠷᠡᠭᠰᠡᠨ ᠣᠨ ᠤ ᠮᠥᠨ ᠦᠶ᠎ᠡ ᠲᠡᠢ ᠬᠠᠷᠢᠴᠠᠭᠤᠯᠬᠤ ᠳᠤ 1.7 ᠶᠡᠬᠡ ᠨᠠᠶᠤᠳ ᠲᠥᠭᠥᠷᠢᠭ ᠢᠶᠡᠷ ᠨᠡᠮᠡᠭᠳᠡᠭᠰᠡᠨ ᠦᠵᠡᠭᠦᠯᠦᠯᠲᠡ ᠶᠤᠮ᠃ ᠳᠡᠯᠡᠬᠡᠢ ᠳ᠋ᠠᠬᠢᠨ ᠳᠤ ᠴᠠᠷ᠎ᠠ ᠲᠠᠬᠤᠯ ᠤᠨ ᠳᠠᠷᠠᠭᠠᠬᠢ ᠡᠳ᠋  ᠦᠨ ᠵᠠᠰᠠᠭ ᠰᠡᠷᠭᠦᠵᠦ ᠪᠤᠢ ᠲᠠᠢ ᠬᠣᠯᠪᠣᠭᠠᠲᠠᠢ ᠪᠠᠷ ᠡᠷᠦᠳᠡᠰᠦ ᠪᠠᠶᠠᠯᠢᠭ ᠤᠨ ᠪᠦᠬᠦ ᠲᠥᠷᠥᠯ ᠦᠨ ᠪᠦᠲᠦᠭᠡᠭᠳᠡᠬᠦᠨ ᠦ ᠦᠨ᠎ᠡ ᠥᠰᠴᠦ ᠪᠠᠶᠢᠨ᠎ᠠ᠃ ᠳᠡᠯᠡᠬᠡᠢ ᠶᠢᠨ ᠵᠠᠬ᠎ᠠ ᠵᠡᠭᠡᠯᠢ ᠳᠦ ᠨᠡᠭᠦᠷᠡᠰᠦ᠂ ᠵᠡᠰ᠂ ᠭᠠᠵᠠᠷ ᠤᠨ ᠲᠣᠰᠣ᠂ ᠲᠡᠮᠦᠷ ᠦᠨ ᠬᠥᠳᠡᠷ᠂ ᠴᠠᠶᠢᠷ᠂ ᠵᠣᠩᠰᠢ᠂ ᠠᠯᠲᠠᠨ ᠤ ᠦᠨ᠎ᠡ ᠥᠰᠦᠭᠰᠡᠨ ᠨᠢ ᠮᠠᠨ ᠤ ᠤᠯᠤᠰ ᠤᠨ ᠲᠥᠰᠥᠪ ᠲᠦ ᠲᠥᠪᠯᠡᠷᠡᠭᠦᠯᠬᠦ ᠣᠷᠣᠯᠭ᠎ᠠ ᠳᠤ ᠡᠶᠡᠷᠭᠦ ᠪᠡᠷ ᠨᠥᠯᠦᠭᠡᠯᠡᠵᠦ ᠪᠤᠢ᠃
ᠡᠨᠡ ᠣᠨ ᠳᠤ ᠮᠠᠨ ᠤ ᠤᠯᠤᠰ 28 ᠰᠠᠶ᠎ᠠ ᠲᠣᠨ ᠨᠡᠭᠦᠷᠡᠰᠦ ᠡᠺᠰᠫᠣᠷᠲᠯᠠᠬᠤ ᠲᠥᠯᠥᠪᠯᠡᠭᠡ ᠲᠡᠢ ᠪᠠᠶᠢᠭᠰᠠᠨ ᠴᠤ᠂ ᠴᠠᠷ᠎ᠠ ᠲᠠᠬᠤᠯ ᠠᠴᠠ ᠡᠭᠦᠳᠦᠯ ᠲᠡᠢ ᠪᠡᠷ ᠡᠺᠰᠫᠣᠷᠲ ᠤᠨ ᠬᠡᠮᠵᠢᠶ᠎ᠡ ᠪᠠᠭᠤᠷᠠᠬᠤ ᠬᠠᠨᠳᠤᠯᠭ᠎ᠠ ᠲᠠᠢ ᠪᠠᠶᠢᠨ᠎ᠠ᠃ ᠭᠡᠬᠦ ᠳᠦ ᠪᠡᠨ ᠨᠡᠭᠦᠷᠡᠰᠦᠨ ᠦ ᠦᠨ᠎ᠡ ᠥᠰᠦᠭᠰᠡᠨ ᠤᠴᠢᠷ ᠲᠥᠰᠥᠪ ᠲᠦ ᠲᠥᠪᠯᠡᠷᠡᠬᠦ ᠭᠦᠢᠴᠡᠳᠬᠡᠯ ᠡᠬᠢᠨ ᠦ ᠬᠠᠭᠠᠰ ᠵᠢᠯ ᠦᠨ ᠪᠠᠶᠢᠳᠠᠯ ᠢᠶᠠᠷ 98 ᠬᠤᠪᠢ ᠲᠠᠢ ᠭᠠᠷᠴᠠᠢ᠃

ᠰᠡᠳᠬᠢᠭᠳᠡᠯ ᠦᠯᠡᠳᠡᠭᠡᠬᠦ