ᠪᠠᠶᠠᠨ-ᠥᠯᠥᠭᠡᠢ ᠠᠶᠢᠮᠠᠭ 750-800 ᠣᠨᠣᠭ᠎ᠠ ᠠᠪᠤᠭᠰᠠᠨ ᠬᠡᠦᠬᠡᠳ  ᠢ ᠱᠠᠩᠨᠠᠨ᠎ᠠ | News.MN

ᠪᠠᠶᠠᠨ-ᠥᠯᠥᠭᠡᠢ ᠠᠶᠢᠮᠠᠭ 750-800 ᠣᠨᠣᠭ᠎ᠠ ᠠᠪᠤᠭᠰᠠᠨ ᠬᠡᠦᠬᠡᠳ  ᠢ ᠱᠠᠩᠨᠠᠨ᠎ᠠ

ᠡᠯᠰᠡᠯᠲᠡ ᠶᠢᠨ ᠶᠡᠷᠦᠩᠬᠡᠢ ᠰᠢᠯᠭᠠᠯᠲᠠ ᠶᠢ ᠡᠨᠡ ᠰᠠᠷ᠎ᠠ ᠶᠢᠨ 19-22 ᠳᠤ ᠣᠷᠣᠨ ᠳᠠᠶᠠᠭᠠᠷ ᠵᠣᠬᠢᠶᠠᠨ ᠪᠠᠶᠢᠭᠤᠯᠤᠨ᠎ᠠ᠃ ᠲᠤᠬᠠᠢ ᠶᠢᠨ ᠰᠢᠯᠭᠠᠯᠲᠠ ᠳᠤ ᠪᠠᠶᠠᠨ-ᠥᠯᠥᠭᠡᠢ ᠠᠶᠢᠮᠠᠭ ᠠᠴᠠ 1449 ᠬᠡᠦᠬᠡᠳ ᠣᠷᠣᠬᠤ ᠪᠠᠷ ᠪᠦᠷᠢᠳᠬᠡᠭᠦᠯᠵᠡᠢ᠃ ᠡᠭᠦᠨ ᠡᠴᠡ 407 ᠨᠢ ᠡᠮᠦᠨᠡᠬᠢ ᠵᠢᠯ ᠦᠳ ᠲᠦ ᠪᠦᠷᠢᠨ ᠳᠤᠮᠳᠠᠳᠤ ᠰᠤᠷᠭᠠᠭᠤᠯᠢ ᠲᠡᠭᠦᠰᠦᠭᠰᠡᠨ ᠪᠣᠯ 1042 ᠨᠢ ᠡᠨᠡ ᠵᠢᠯ ᠦᠨ ᠲᠡᠭᠦᠰᠦᠭᠴᠢᠳ ᠪᠠᠶᠢᠨ᠎ᠠ᠃ ᠰᠢᠯᠭᠠᠯᠲᠠ ᠶᠢ ᠥᠯᠥᠭᠡᠢ ᠶᠢᠨ ᠰᠤᠮᠤ ᠶᠢᠨ ᠯᠠᠪᠤᠷᠠᠲ᠋ᠣᠷᠢ ᠬᠤᠶᠠᠳᠤᠭᠠᠷ ᠰᠤᠷᠭᠠᠭᠤᠯᠢ ᠳᠤ ᠵᠣᠬᠢᠶᠠᠨ ᠪᠠᠶᠢᠭᠤᠯᠬᠤ ᠪᠠ ᠣᠷᠣᠯᠴᠠᠭᠴᠢᠳ ᠢᠷᠭᠡᠨ ᠦ ᠦᠨᠡᠮᠯᠡᠬᠦ᠂ ᠪᠦᠷᠢᠨ ᠳᠤᠮᠳᠠᠳᠤ ᠪᠣᠯᠪᠠᠰᠤᠷᠠᠯ ᠤᠨ ᠦᠨᠡᠮᠯᠡᠬᠦ᠂ ᠪᠦᠷᠢᠳᠬᠡᠯ ᠦᠨ ᠬᠠᠭᠤᠳᠠᠰᠤ᠂ ᠰᠠᠭᠤᠳᠠᠯ ᠤᠨ ᠬᠤᠪᠢᠶᠠᠷᠢ ᠵᠡᠷᠭᠡ 4 ᠲᠥᠷᠥᠯ ᠦᠨ ᠪᠢᠴᠢᠭ ᠪᠠᠷᠢᠮᠲᠠ ᠶᠢ ᠬᠠᠮᠲᠤ ᠠᠪᠴᠤ ᠤᠷᠤᠬᠤ ᠠᠵᠠᠢ᠃
ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ 2021 ᠣᠨ ᠤ ᠡᠭᠡᠯᠵᠢᠲᠦ ᠭᠤᠷᠪᠠᠳᠤᠭᠠᠷ ᠬᠤᠷᠠᠯᠳᠤᠭᠠᠨ ᠢᠶᠠᠷ ᠪᠠᠲᠤᠯᠠᠭᠰᠠᠨ 《ᠡᠯᠰᠡᠯᠲᠡ ᠶᠢᠨ ᠶᠡᠷᠦᠩᠬᠡᠢ ᠰᠢᠯᠭᠠᠯᠲᠠ ᠶᠢᠨ ᠦᠷ᠎ᠡ ᠳ᠋ᠦᠩ ᠢ ᠳᠡᠭᠡᠭᠰᠢᠯᠡᠭᠦᠯᠬᠦ ᠳᠡᠳ᠋ ᠬᠥᠲᠥᠯᠪᠦᠷᠢ  ᠬᠤᠶᠠᠷ》  ᠦᠨ ᠳᠠᠭᠠᠤ ᠪᠡᠯᠡᠳᠬᠡᠭᠰᠡᠨ ᠰᠤᠷᠤᠭᠴᠢ ᠨᠢ 800 ᠣᠨᠣᠭ᠎ᠠ ᠠᠪᠤᠭᠰᠠᠨ ᠪᠠᠭᠰᠢ ᠶᠢ 1 ᠰᠠᠶ᠎ᠠ ᠲᠥᠭᠥᠷᠢᠭ ᠢᠶᠡᠷ᠂ 750-799 ᠣᠨᠣᠭ᠎ᠠ ᠠᠪᠤᠪᠠᠯ 300 ᠮᠢᠩᠭᠠᠨ ᠲᠥᠭᠥᠷᠢᠭ ᠢᠶᠡᠷ ᠬᠡᠦᠬᠡᠳ ᠲᠤᠰ ᠪᠦᠷᠢ ᠪᠡᠷ ᠲᠣᠭᠠᠴᠠᠵᠤ ᠱᠠᠩᠨᠠᠨ᠎ᠠ᠃ ᠬᠠᠷᠢᠨ 750-800 ᠣᠨᠣᠭ᠎ᠠ ᠠᠪᠤᠭᠰᠠᠨ ᠬᠡᠦᠬᠡᠳ ᠢ 500 ᠮᠢᠩᠭᠠᠨ ᠲᠥᠭᠥᠷᠢᠭ ᠢᠶᠡᠷ ᠤᠷᠮᠠᠰᠢᠭᠤᠯᠤᠨ᠎ᠠ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

ᠪᠠᠲᠤ 2021-08-18 66.181.191.169

ᠰᠠᠶᠢᠨ ᠪᠠᠶᠢᠨ᠎ᠠ