ᠭᠤᠷᠪᠠᠨ ᠬᠦᠮᠦᠨ ᠤ ᠨᠢᠭᠡ ᠨᠢ ᠬᠡᠲᠦ ᠶᠡᠬᠡ ᠴᠠᠭ ᠢᠶᠠᠷ ᠠᠵᠢᠯᠯᠠᠵᠠᠢ | News.MN

ᠭᠤᠷᠪᠠᠨ ᠬᠦᠮᠦᠨ ᠤ ᠨᠢᠭᠡ ᠨᠢ ᠬᠡᠲᠦ ᠶᠡᠬᠡ ᠴᠠᠭ ᠢᠶᠠᠷ ᠠᠵᠢᠯᠯᠠᠵᠠᠢ

ᠮᠣᠩᠭᠣᠯ ᠤᠯᠤᠰ ᠲᠤ 2020 ᠣᠨ ᠤ ᠪᠠᠶᠢᠳᠠᠯ ᠢᠶᠠᠷ ᠭᠤᠷᠪᠠᠨ ᠠᠵᠢᠯᠯᠠᠭᠴᠢ ᠲᠤᠲᠤᠮ ᠤᠨ ᠨᠢᠭᠡ ᠨᠢ ᠬᠡᠲᠦ ᠶᠡᠬᠡ ᠴᠠᠭ ᠢᠶᠠᠷ ᠪᠤᠶᠤ 7 ᠬᠣᠨᠣᠭ ᠲᠤ 48 ᠴᠠᠭ ᠠᠴᠠ ᠢᠯᠡᠭᠦᠦ ᠴᠠᠭ ᠢᠶᠠᠷ ᠠᠵᠢᠯᠯᠠᠭᠰᠠᠨ ᠢ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶᠠᠨ ᠠᠴᠠ ᠮᠡᠳᠡᠭᠡᠯᠡᠯ᠎ᠡ᠃ ᠣᠯᠠᠨ ᠤᠯᠤᠰ ᠤᠨ ᠬᠥᠳᠡᠯᠮᠦᠷᠢ ᠶᠢᠨ ᠪᠠᠶᠢᠭᠤᠯᠤᠯᠭ᠎ᠠ ᠠᠴᠠ ᠳᠣᠯᠣᠭ᠎ᠠ ᠬᠣᠨᠣᠭ ᠲᠤ 48 ᠴᠠᠭ ᠠᠴᠠ ᠢᠯᠡᠭᠦᠦ  ᠠᠵᠢᠯᠯᠠᠭᠰᠠᠨ ᠪᠣᠯ ᠬᠡᠲᠦ ᠶᠡᠬᠡ ᠴᠠᠭ ᠢᠶᠠᠷ ᠠᠵᠢᠯᠯᠠᠭᠴᠢ ᠭᠡᠵᠦ ᠲᠣᠭᠠᠴᠠᠳᠠᠭ ᠪᠠᠶᠢᠨ᠎ᠠ᠃
ᠤᠷᠲᠤᠰᠬᠠᠭᠰᠠᠨ ᠪᠣᠯᠤᠨ ᠬᠡᠲᠦ ᠶᠡᠬᠡ ᠴᠠᠭ ᠢᠶᠠᠷ ᠦᠷᠭᠦᠯᠵᠢᠯᠡᠭᠦᠯᠦᠨ ᠠᠵᠢᠯᠯᠠᠬᠤ ᠨᠢ ᠬᠦᠮᠦᠨ ᠦ ᠪᠡᠶ᠎ᠡ ᠮᠠᠬᠠᠪᠣᠳ᠂ ᠰᠡᠳᠬᠢᠯ ᠰᠠᠨᠠᠭ᠎ᠠ᠂ ᠡᠷᠡᠭᠦᠯ ᠮᠡᠨᠳᠦ ᠳᠦ ᠬᠣᠬᠢᠷᠠᠯ ᠤᠴᠠᠷᠠᠭᠤᠯᠬᠤ ᠠᠴᠠ ᠭᠠᠳᠠᠨ᠎ᠠ ᠠᠵᠢᠯ ᠪᠣᠯᠤᠨ ᠭᠡᠷ ᠪᠦᠯᠢ ᠶᠢᠨ ᠠᠮᠢᠳᠤᠷᠠᠯ ᠤᠨ ᠬᠣᠭᠣᠷᠣᠨᠳᠣ ᠶᠢᠨ ᠲᠡᠩᠴᠡᠪᠦᠷᠢᠲᠦ ᠪᠠᠶᠢᠳᠠᠯ ᠳᠤ ᠰᠦᠷᠭᠡᠦ ᠪᠡᠷ ᠨᠥᠯᠦᠭᠡᠯᠡᠵᠦ᠂ ᠤᠯᠠᠮ ᠢᠶᠠᠷ ᠠᠵᠢᠯ ᠤᠨ ᠪᠦᠲᠦᠭᠡᠮᠵᠢ ᠶᠢ ᠪᠠᠭᠤᠷᠠᠭᠤᠯᠳᠠᠭ ᠭᠡᠵᠦ ᠦᠵᠡᠳᠡᠭ᠃

ᠰᠡᠳᠬᠢᠭᠳᠡᠯ ᠦᠯᠡᠳᠡᠭᠡᠬᠦ