ᠡᠷᠳᠡᠨᠢᠰ ᠮᠣᠩᠭᠣᠯ》ᠺᠤᠮᠫᠠᠨᠢ ᠳᠤ ᠪᠦᠲᠦᠴᠡ ᠶᠢᠨ ᠥᠭᠡᠷᠡᠴᠢᠯᠡᠯᠲᠡ  ᠬᠢᠨ᠎ᠡ | News.MN

ᠡᠷᠳᠡᠨᠢᠰ ᠮᠣᠩᠭᠣᠯ》ᠺᠤᠮᠫᠠᠨᠢ ᠳᠤ ᠪᠦᠲᠦᠴᠡ ᠶᠢᠨ ᠥᠭᠡᠷᠡᠴᠢᠯᠡᠯᠲᠡ  ᠬᠢᠨ᠎ᠡ

ᠵᠠᠰᠠᠭ ᠤᠨ ᠭᠠᠵᠠᠷ ᠤᠨ ᠡᠭᠡᠯᠵᠢᠲᠦ ᠬᠤᠷᠠᠯᠳᠤᠭᠠᠨ ᠢᠶᠠᠷ ᠬᠡᠯᠡᠯᠴᠡᠭᠰᠡᠨ ᠠᠰᠠᠭᠤᠳᠠᠯ ᠤᠨ ᠲᠠᠯ᠎ᠠ ᠪᠠᠷ ᠰᠠᠩ ᠤᠨ ᠰᠠᠶᠢᠳ ᠪ ∙ ᠵᠢᠪᠬᠤᠯᠠᠩ ᠮᠡᠳᠡᠭᠡᠯᠡᠯ ᠬᠢᠯ᠎ᠡ᠃  ᠬᠤᠷᠠᠯᠳᠤᠭᠠᠨ ᠳᠤ《ᠡᠷᠳᠡᠨᠢᠰ ᠮᠣᠩᠭᠣᠯ》ᠺᠤᠮᠫᠠᠨᠢ ᠶᠢᠨ ᠪᠦᠲᠦᠴᠡ᠂ ᠵᠣᠬᠢᠶᠠᠨ ᠪᠠᠶᠢᠭᠤᠯᠤᠯᠲᠠ ᠳᠤ ᠥᠭᠡᠷᠡᠴᠢᠯᠡᠯᠲᠡ ᠣᠷᠣᠭᠤᠯᠵᠤ᠂ ᠲᠥᠷᠥ ᠶᠢᠨ ᠥᠮᠴᠢ ᠶᠢᠨ ᠪᠣᠳᠣᠯᠭ᠎ᠠ ᠵᠣᠬᠢᠴᠠᠭᠤᠯᠤᠯᠲᠠ ᠶᠢᠨ ᠭᠠᠵᠠᠷ ᠢ ᠺᠣᠷᠫᠣᠷᠠᠼ ᠪᠣᠯᠭᠠᠨ ᠥᠭᠡᠷᠡᠴᠢᠯᠡᠬᠦ ᠠᠰᠠᠭᠤᠳᠠᠯ ᠢ ᠲᠠᠨᠢᠯᠴᠠᠭᠤᠯᠵᠠᠢ᠃ ᠡᠨᠡ ᠲᠠᠯ᠎ᠠ ᠪᠠᠷ ᠪ ∙ ᠵᠢᠪᠬᠤᠯᠠᠩ᠄《ᠡᠷᠳᠡᠨᠢᠰ ᠮᠣᠩᠭᠣᠯ》 ᠺᠣᠮᠫᠠᠨᠢ ᠶᠢᠨ ᠡᠳ᠋  ᠦᠨ ᠵᠠᠰᠠᠭ ᠲᠤ ᠦᠵᠡᠭᠦᠯᠬᠦ ᠦᠷ᠎ᠡ ᠨᠥᠯᠥᠭᠡ ᠶᠢ ᠨᠢ ᠨᠡᠮᠡᠭᠳᠡᠭᠦᠯᠬᠦ ᠡᠭᠦᠳᠡᠨ ᠡᠴᠡ ᠥᠭᠡᠷᠡᠴᠢᠯᠡᠯᠲᠡ ᠬᠢᠶ᠎ᠡ ᠭᠡᠵᠦ ᠵᠣᠷᠢᠵᠤ ᠪᠠᠶᠢᠭ᠎ᠠ᠃

ᠣᠳᠣ ᠪᠠᠷ ᠮᠠᠨ ᠤ ᠳᠤ ᠲᠥᠷᠥ ᠶᠢᠨ ᠥᠮᠴᠢ ᠶᠢᠨ ᠪᠣᠯᠤᠨ ᠲᠥᠷᠥ ᠶᠢᠨ ᠥᠮᠴᠢ ᠶᠢᠨ ᠣᠷᠣᠯᠴᠠᠭ᠎ᠠ ᠲᠠᠢ᠂ ᠣᠷᠣᠨ ᠨᠤᠲᠤᠭ ᠤᠨ ᠲᠥᠷᠥ ᠶᠢᠨ ᠥᠮᠴᠢ ᠶᠢᠨ ᠣᠷᠣᠯᠴᠠᠭ᠎ᠠ ᠲᠠᠢ 500 ᠭᠠᠷᠤᠢ ᠠᠵᠤ ᠠᠬᠤᠢ ᠶᠢᠨ ᠨᠢᠭᠡᠴᠢ ᠪᠠᠶᠢᠳᠠᠭ᠃ ᠡᠭᠦᠨ ᠡᠴᠡ ᠲᠥᠷᠥ ᠶᠢᠨ ᠥᠮᠴᠢ ᠶᠢᠨ ᠪᠣᠳᠣᠯᠭ᠎ᠠ ᠵᠣᠬᠢᠴᠠᠭᠤᠯᠤᠯᠲᠠ ᠶᠢᠨ ᠭᠠᠵᠠᠷ ᠤᠨ ᠰᠢᠭᠤᠳ ᠬᠢᠨᠠᠯᠲᠠ ᠳᠤ 107 ᠬᠠᠤᠯᠢ ᠶᠢᠨ ᠡᠲᠡᠭᠡᠳ ᠪᠠᠶᠢᠨ᠎ᠠ᠃ ᠵᠠᠷᠢᠮ ᠳᠤ ᠨᠢ ᠶᠠᠮᠤᠳ ᠤᠳ ᠬᠢᠨᠠᠯᠲᠠ ᠲᠠᠯᠪᠢᠳᠠᠭ᠃ ᠲᠥᠷᠥ ᠶᠢᠨ ᠥᠮᠴᠢ ᠶᠢᠨ ᠬᠠᠷᠢᠯᠴᠠᠭᠠᠨ ᠳᠤ ᠣᠷᠣᠵᠤ ᠡᠬᠢᠯᠡᠭᠰᠡᠨ ᠡᠴᠡ ᠬᠣᠶᠢᠰᠢ ᠲᠥᠷᠥ ᠤᠳᠤᠷᠢᠳᠳᠠᠭ ᠡᠰᠡᠪᠡᠯ ᠬᠣᠯᠢᠮᠠᠭ ᠲᠣᠭᠲᠠᠯᠴᠠᠭ᠎ᠠ ᠪᠠᠷ ᠠᠯᠢ ᠠᠯᠢᠨ ᠢᠶᠠᠷ ᠶᠠᠪᠤᠵᠤ ᠢᠷᠡᠭᠰᠡᠨ᠃ ᠣᠳᠣ ᠪᠣᠯ ᠬᠣᠯᠢᠮᠠᠭ ᠬᠡᠯᠪᠡᠷᠢ ᠪᠡᠷ ᠪᠠᠶᠢᠨ᠎ᠠ᠃ ᠡᠭᠦᠨ ᠢ ᠴᠢᠨᠠᠭᠰᠢᠳᠠ ᠶᠠᠮᠤᠳ ᠤᠳ ᠤᠨ ᠬᠢᠨᠠᠯᠲᠠ ᠳᠤ ᠲᠠᠷᠠᠭᠠᠵᠤ ᠪᠠᠶᠢᠷᠢᠰᠢᠭᠤᠯᠬᠤ ᠤᠤ ᠡᠰᠡᠪᠡᠯ ᠨᠢᠭᠡᠳᠦᠮᠡᠯ ᠪᠠᠶᠢᠳᠠᠯ ᠢᠶᠠᠷ ᠲᠥᠷᠥ ᠶᠢᠨ ᠥᠮᠴᠢ ᠶᠢᠨ ᠪᠣᠳᠣᠯᠭ᠎ᠠ ᠵᠣᠬᠢᠴᠠᠭᠤᠯᠤᠯᠲᠠ ᠶᠢᠨ ᠭᠠᠵᠠᠷ ᠨᠢ ᠺᠣᠷᠫᠣᠷᠠᠼ ᠤᠨ ᠵᠣᠬᠢᠶᠠᠨ ᠪᠠᠶᠢᠭᠤᠯᠤᠯᠲᠠ ᠳᠤ ᠣᠷᠣᠭᠠᠳ ᠰᠠᠩᠬᠦᠦ᠂ ᠦᠢᠯᠡ ᠠᠵᠢᠯᠯᠠᠭ᠎ᠠ ᠶᠢ ᠨᠢ ᠪᠦᠷᠢᠨ ᠬᠢᠨᠠᠯᠲᠠ ᠳᠤ ᠪᠠᠨ ᠪᠠᠶᠢᠯᠭᠠᠬᠤ ᠤᠤ ᠪᠦᠷ ᠡᠰᠡᠪᠡᠯ ᠣᠳᠣ ᠶᠢᠨ ᠬᠣᠯᠢᠮᠠᠭ ᠬᠡᠯᠪᠡᠷᠢ ᠪᠡᠷ ᠶᠠᠪᠤᠭᠤᠯᠬᠤ ᠤᠤ ᠭᠡᠳᠡᠭ ᠰᠤᠳᠤᠯᠭᠠᠨ ᠤ ᠮᠠᠲ᠋ᠧᠷᠢᠶᠠᠯ ᠢ ᠥᠨᠥᠳᠥᠷ ᠲᠠᠨᠢᠯᠴᠠᠭᠤᠯᠤᠯ᠎ᠠ᠃ ᠡᠭᠦᠨ ᠢ ᠬᠡᠯᠡᠯᠴᠡᠭᠡᠳ ᠶᠠᠮᠤᠳ ᠤᠳ ᠠᠴᠠ ᠰᠠᠨᠠᠯ ᠢ ᠨᠢ ᠠᠪᠤᠭᠠᠳ ᠴᠢᠨᠠᠭᠰᠢᠳᠠ ᠶᠠᠮᠠᠷ ᠪᠦᠲᠦᠴᠡ ᠪᠡᠷ ᠠᠪᠴᠤ ᠶᠠᠪᠤᠬᠤ ᠪᠤᠢ ᠭᠡᠳᠡᠭ ᠢ ᠰᠢᠢᠳᠦᠨ᠎ᠡ ᠭᠡᠪᠡ᠃

ᠰᠡᠳᠬᠢᠭᠳᠡᠯ ᠦᠯᠡᠳᠡᠭᠡᠬᠦ