ᠪᠣᠭᠳᠠ ᠬᠠᠨ ᠲᠡᠮᠦᠷ ᠵᠠᠮ ᠤᠨ ᠪᠠᠷᠢᠯᠭ᠎ᠠ ᠶᠢᠨ ᠠᠵᠢᠯ ᠢ ᠥᠨᠥᠳᠥᠷ ᠡᠬᠢᠯᠡᠭᠦᠯᠦᠨ᠎ᠡ | News.MN

ᠪᠣᠭᠳᠠ ᠬᠠᠨ ᠲᠡᠮᠦᠷ ᠵᠠᠮ ᠤᠨ ᠪᠠᠷᠢᠯᠭ᠎ᠠ ᠶᠢᠨ ᠠᠵᠢᠯ ᠢ ᠥᠨᠥᠳᠥᠷ ᠡᠬᠢᠯᠡᠭᠦᠯᠦᠨ᠎ᠡ

ᠵᠠᠰᠠᠭ ᠤᠨ ᠭᠠᠵᠠᠷ ᠤᠨ ᠡᠨᠡ ᠰᠠᠷ᠎ᠠ ᠶᠢᠨ 4 ᠦ ᠬᠤᠷᠠᠯᠳᠤᠭᠠᠨ ᠢᠶᠠᠷ ᠪᠣᠭᠳᠠ ᠬᠠᠨ ᠲᠡᠮᠦᠷ ᠵᠠᠮ ᠤᠨ ᠲᠥᠰᠥᠯ ᠦᠨ ᠰᠠᠭᠤᠷᠢ ᠪᠦᠲᠦᠴᠡ ᠪᠠᠷᠢᠬᠤ ᠲᠤᠰᠬᠠᠢ ᠵᠥᠪᠰᠢᠶᠡᠷᠡᠯ ᠢ 《ᠲᠠᠪᠤᠨᠲᠣᠯᠣᠭᠠᠢ ᠲᠡᠮᠦᠷ ᠵᠠᠮ》 ᠺᠤᠮᠫᠠᠨᠢ ᠳᠦ ᠣᠯᠭᠤᠭᠰᠠᠨ᠃ ᠡᠭᠦᠨ ᠦ ᠳᠠᠭᠠᠤ ᠪᠠᠷᠢᠯᠭ᠎ᠠ ᠶᠢᠨ ᠠᠵᠢᠯ ᠢ ᠨᠢ ᠥᠨᠥᠳᠥᠷ ᠡᠬᠢᠯᠡᠭᠦᠯᠬᠦ ᠪᠡᠷ ᠲᠥᠯᠥᠪᠯᠡᠵᠡᠢ᠃ ᠲᠥᠪ ᠠᠶᠢᠮᠠᠭ ᠤᠨ ᠨᠤᠲᠤᠭ ᠲᠤ ᠪᠣᠯᠬᠤ ᠪᠠᠷᠢᠯᠭ᠎ᠠ ᠶᠢᠨ ᠠᠵᠢᠯ ᠤᠨ ᠨᠡᠭᠡᠭᠡᠯᠲᠡ ᠳᠦ ᠶᠡᠷᠦᠩᠬᠡᠢ ᠰᠠᠶᠢᠳ ᠯ ∙  ᠤᠶᠤᠡᠡᠷᠳᠡᠨᠢ ᠤᠷᠤᠯᠴᠠᠬᠤ ᠶᠤᠮ ᠪᠠᠶᠢᠨ᠎ᠠ᠃

ᠪᠣᠭᠳᠠ ᠬᠠᠨ ᠲᠡᠮᠦᠷ ᠵᠠᠮ ᠨᠢ ᠷᠠᠰᠢᠶᠠᠨᠲᠤ ᠥᠷᠲᠡᠭᠡᠨ ᠡᠴᠡ ᠪᠣᠭᠳᠠ ᠬᠠᠨ ᠠᠭᠤᠯᠠ ᠶᠢᠨ ᠤᠷᠳᠤᠭᠤᠷ ᠲᠣᠭᠣᠷᠢᠵᠤ᠂  ᠮᠠᠨᠢᠲᠤ ᠥᠷᠲᠡᠭᠡ ᠲᠡᠢ ᠬᠣᠯᠪᠣᠭᠳᠠᠬᠤ ᠪᠥᠭᠡᠳ ᠲᠥᠪ ᠠᠶᠢᠮᠠᠭ ᠤᠨ ᠠᠯᠲᠠᠨᠪᠤᠯᠠᠭ᠂ ᠰᠡᠷᠭᠦᠯᠡᠩ ᠰᠤᠮᠤ᠂ ᠤᠯᠠᠭᠠᠨᠪᠠᠭᠠᠲᠤᠷ ᠬᠣᠲᠠ ᠶᠢᠨ ᠪᠠᠭᠠᠬᠠᠩᠭᠠᠢ᠂ ᠬᠠᠨ-ᠠᠭᠤᠯᠠ᠂ ᠰᠣᠩᠭᠢᠨ᠎ᠠ ᠬᠠᠢᠷᠬᠠᠨ ᠳᠡᠭᠦᠷᠭᠡ ᠶᠢᠨ ᠭᠠᠵᠠᠷ ᠨᠤᠲᠤᠭ ᠢ ᠳᠠᠮᠵᠢᠨ ᠨᠡᠶᠢᠲᠡ 135.8 ᠺᠢᠯᠣᠮᠧᠲ᠋ᠷ ᠦᠷᠭᠦᠯᠵᠢᠯᠡᠬᠦ ᠶᠤᠮ᠃ ᠤᠭ ᠲᠡᠮᠦᠷ ᠵᠠᠮ ᠢ ᠶᠠᠫᠣᠨ᠂ ᠣᠷᠣᠰ  ᠤᠨ ᠬᠥᠷᠥᠩᠭᠡ ᠣᠷᠣᠭᠤᠯᠤᠯᠲᠠ ᠪᠡᠷ ᠰᠠᠩᠬᠦᠦᠵᠢᠭᠦᠯᠬᠦ ᠪᠠᠷ ᠲᠥᠯᠥᠪᠯᠡᠭᠡᠳ ᠶᠠᠷᠢᠶ᠎ᠠ ᠬᠡᠯᠡᠯᠴᠡᠭᠡ ᠬᠢᠵᠦ ᠪᠠᠶᠢᠭ᠎ᠠ᠃ ᠡᠬᠢᠨ ᠦ ᠡᠭᠡᠯᠵᠢ ᠳᠦ ᠥᠪᠡᠷ ᠦᠨ ᠢᠶᠡᠨ ᠨᠥᠭᠡᠴᠡ ᠪᠣᠯᠤᠮᠵᠢ ᠪᠠᠷ ᠡᠬᠢᠯᠡᠭᠦᠯᠬᠦ ᠪᠡᠷ ᠰᠢᠢᠳᠪᠦᠷᠢᠯᠡᠭᠡᠳ ᠪᠠᠶᠢᠨ᠎ᠠ ᠃

ᠰᠡᠳᠬᠢᠭᠳᠡᠯ ᠦᠯᠡᠳᠡᠭᠡᠬᠦ