ᠤᠯᠠᠭᠠᠨ ᠪᠤᠭᠤᠳᠠᠢ ᠶᠢᠨ ᠬᠡᠷᠡᠭᠴᠡᠭᠡ ᠪᠡᠨ ᠳᠣᠲᠣᠭᠠᠳᠤ ᠠᠴᠠ ᠪᠠᠨ 100 ᠬᠤᠪᠢ ᠬᠠᠩᠭᠠᠨ᠎ᠠ | News.MN

ᠤᠯᠠᠭᠠᠨ ᠪᠤᠭᠤᠳᠠᠢ ᠶᠢᠨ ᠬᠡᠷᠡᠭᠴᠡᠭᠡ ᠪᠡᠨ ᠳᠣᠲᠣᠭᠠᠳᠤ ᠠᠴᠠ ᠪᠠᠨ 100 ᠬᠤᠪᠢ ᠬᠠᠩᠭᠠᠨ᠎ᠠ

ᠤᠷᠭᠤᠴᠠ ᠬᠤᠷᠢᠶᠠᠯᠲᠠ ᠶᠢ ᠡᠨᠡ ᠰᠠᠷ᠎ᠠ ᠶᠢᠨ 15  ᠠᠴᠠ ᠡᠬᠢᠯᠡᠭᠦᠯᠬᠦ ᠪᠡᠷ ᠲᠥᠯᠥᠪᠯᠡᠭᠰᠡᠨ ᠪᠥᠭᠡᠳ 470 ᠣᠷᠴᠢᠮ ᠮᠢᠩᠭᠠᠨ ᠲᠣᠨ ᠤᠯᠠᠭᠠᠨ ᠪᠤᠭᠤᠳᠠᠢ ᠬᠤᠷᠢᠶᠠᠨ᠎ᠠ ᠭᠡᠵᠦ ᠲᠣᠭᠠᠴᠠᠵᠠᠢ᠃ ᠡᠨᠡ ᠲᠠᠯ᠎ᠠ ᠪᠠᠷ ᠬᠦᠨᠡᠰᠦ᠂ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠶᠢᠨ ᠶᠠᠮᠤᠨ ᠤ ᠭᠠᠵᠠᠷ ᠲᠠᠷᠢᠶᠠᠯᠠᠩ ᠤᠨ ᠪᠣᠳᠣᠯᠭ᠎ᠠ ᠶᠢᠨ ᠬᠡᠷᠡᠭᠵᠢᠯᠲᠡ ᠶᠢ ᠵᠣᠬᠢᠴᠠᠭᠤᠯᠬᠤ ᠭᠠᠵᠠᠷ ᠤᠨ ᠳᠠᠷᠤᠭ᠎ᠠ ᠸ ∙ᠦᠨᠡᠨᠪᠠᠲᠤ᠄

ᠴᠠᠭ ᠠᠭᠤᠷ᠂ ᠣᠷᠴᠢᠨ ᠤ ᠰᠢᠨᠵᠢᠯᠡᠭᠡᠨ ᠦ ᠭᠠᠵᠠᠷ ᠠᠴᠠ ᠭᠠᠷᠭᠠᠭᠰᠠᠨ ᠤᠷᠢᠳᠴᠢᠯᠠᠭᠰᠠᠨ ᠮᠡᠳᠡᠭᠡᠯᠡᠯ ᠢᠶᠡᠷ ᠨᠠᠢ᠌ᠮᠠᠳᠤᠭᠠᠷ ᠰᠠᠷ᠎ᠠ ᠶᠢᠨ ᠰᠡᠭᠦᠯ ᠦᠨ 10 ᠬᠣᠨᠣᠭ ᠤᠨ ᠡᠬᠢᠨ ᠪᠣᠯᠤᠨ ᠲᠡᠭᠦᠰᠬᠡᠯ ᠢᠶᠡᠷ ᠴᠣᠴᠢᠷ ᠬᠦᠢᠲᠡᠷᠡᠬᠦ ᠲᠥᠯᠥᠪ ᠲᠡᠢ ᠭᠡᠰᠡᠨ ᠪᠠᠶᠢᠭ᠎ᠠ᠃ ᠲᠡᠶᠢᠮᠦ ᠡᠴᠡ ᠲᠠᠷᠢᠶᠠᠯᠠᠩᠴᠢᠳ ᠪᠣᠯᠣᠴᠠ ᠳᠤᠲᠠᠭᠤ ᠪᠠᠶᠢᠭ᠎ᠠ ᠲᠠᠷᠢᠮᠠᠯ ᠢ ᠬᠢᠷᠠᠭᠤ᠂ ᠴᠣᠴᠢᠷ ᠬᠦᠢᠲᠡᠷᠡᠯᠲᠡ ᠡᠴᠡ ᠬᠠᠮᠠᠭᠠᠯᠠᠵᠤ ᠤᠲᠤᠭ᠎ᠠ ᠲᠠᠯᠪᠢᠬᠤ᠂ ᠮᠥᠨ ᠲᠥᠮᠥᠰᠥ᠂ ᠬᠦᠨᠡᠰᠦᠨ ᠦ ᠨᠣᠭᠣᠭ᠎ᠠ ᠶᠢ ᠬᠤᠷᠢᠶᠠᠬᠤ ᠶᠠᠪᠤᠴᠠ ᠳᠤ ᠬᠥᠯᠳᠡᠵᠦ᠂ ᠬᠠᠭᠠᠷᠢᠭᠳᠠᠬᠤ ᠠᠴᠠ ᠬᠠᠮᠠᠭᠠᠯᠠᠬᠤ ᠬᠤᠴᠢᠯᠭ᠎ᠠ ᠪᠡᠯᠡᠳᠬᠡᠬᠦ ᠵᠡᠷᠭᠡ ᠪᠡᠷ  ᠡᠷᠡᠰᠳᠡᠯ ᠡᠴᠡ ᠰᠡᠷᠭᠡᠶᠢᠯᠡᠬᠦ ᠬᠡᠷᠡᠭᠲᠡᠢ᠃ ᠨᠢᠭᠡ ᠭᠠ ᠠᠴᠠ 12 ᠼᠧᠨᠲᠨᠧᠷ ᠭᠡᠳ ᠲᠣᠭᠠᠴᠠᠪᠠᠯ 470 ᠣᠷᠴᠢᠮ ᠮᠢᠩᠭᠠᠨ ᠲᠣᠨ ᠤᠯᠠᠭᠠᠨ ᠪᠤᠭᠤᠳᠠᠢ ᠠᠪᠤᠨ᠎ᠠ᠃ ᠮᠠᠨ ᠤ ᠳᠣᠲᠣᠭᠠᠳᠤ ᠶᠢᠨ ᠤᠯᠠᠭᠠᠨ ᠪᠤᠭᠤᠳᠠᠢ ᠶᠢᠨ ᠬᠡᠷᠡᠭᠴᠡᠭᠡ 300 ᠭᠠᠷᠤᠢ ᠮᠢᠩᠭᠠᠨ ᠲᠣᠨ ᠭᠡᠬᠦ ᠪᠡᠷ ᠤᠷᠢᠳᠴᠢᠯᠠᠭᠰᠠᠨ ᠪᠠᠶᠢᠳᠠᠯ ᠢᠶᠠᠷ ᠡᠨᠡ ᠬᠡᠷᠡᠭᠴᠡᠭᠡ ᠪᠡᠨ 100 ᠬᠤᠪᠢ ᠬᠠᠩᠭᠠᠬᠤ ᠪᠣᠯᠤᠮᠵᠢ ᠲᠠᠢ ᠭᠡᠵᠡᠢ᠃

ᠰᠡᠳᠬᠢᠭᠳᠡᠯ ᠦᠯᠡᠳᠡᠭᠡᠬᠦ