ᠮᠣᠩᠭᠣᠯ᠂ ᠨᠢᠳᠧᠷᠯᠠᠨ᠋ᠳ᠋ ᠤᠨ ᠫᠠᠷᠯᠠᠮᠧᠨᠲ ᠤᠨ ᠭᠡᠰᠢᠭᠦᠳ ᠴᠠᠬᠢᠮ ᠢᠶᠠᠷ ᠠᠭᠤᠯᠵᠠᠨ᠎ᠠ | News.MN

ᠮᠣᠩᠭᠣᠯ᠂ ᠨᠢᠳᠧᠷᠯᠠᠨ᠋ᠳ᠋ ᠤᠨ ᠫᠠᠷᠯᠠᠮᠧᠨᠲ ᠤᠨ ᠭᠡᠰᠢᠭᠦᠳ ᠴᠠᠬᠢᠮ ᠢᠶᠠᠷ ᠠᠭᠤᠯᠵᠠᠨ᠎ᠠ

ᠪᠷᠢᠦ᠋ᠰᠰᠸᠯ ᠳᠤ ᠰᠠᠭᠤᠭ᠎ᠠ ᠡᠯᠴᠢᠨ ᠰᠠᠶᠢᠳ ᠣ᠊∙ᠣᠴᠢ ᠨᠢᠳᠧᠷᠯᠠᠨ᠋ᠳ᠋ ᠤᠨ ᠬᠠᠭᠠᠨᠲᠤ ᠤᠯᠤᠰ ᠤᠨ ᠭᠠᠳᠠᠭᠠᠳᠤ ᠬᠡᠷᠡᠭ ᠦᠨ ᠶᠠᠮᠤᠨ ᠤ ᠠᠽᠢᠶ᠎ᠠ᠂ ᠳᠠᠯᠠᠢ ᠶᠢᠨ ᠣᠷᠣᠨ ᠨᠤᠭᠤᠳ ᠤᠨ ᠭᠠᠵᠠᠷ ᠤᠨ ᠵᠠᠬᠢᠷᠤᠯ᠂ ᠬᠠᠲᠤᠭᠲᠠᠢ ᠺᠠᠷᠢᠨ ᠮᠤᠰᠰᠸᠨᠯᠸᠴᠨᠧᠷ ᠲᠡᠢ ᠥᠴᠥᠭᠡᠳᠦᠷ ᠦᠳᠡᠯᠲᠡ ᠶᠢᠨ ᠠᠭᠤᠯᠵᠠᠯᠲᠠ ᠬᠢᠪᠡ᠃ ᠠᠭᠤᠯᠵᠠᠯᠲᠠ ᠪᠠᠷ ᠲᠠᠯ᠎ᠠ ᠨᠤᠭᠤᠳ 2020 ᠣᠨ ᠤ 12 ᠳ᠋ᠤᠭᠠᠷ ᠰᠠᠷ᠎ᠠ ᠳᠤ ᠴᠠᠬᠢᠮ ᠢᠶᠠᠷ ᠵᠣᠬᠢᠶᠠᠨ ᠪᠠᠶᠢᠭᠤᠯᠤᠭᠰᠠᠨ ᠮᠣᠩᠭᠣᠯ ᠤᠯᠤᠰ ᠤᠨ ᠭᠠᠳᠠᠭᠠᠳᠤ ᠬᠡᠷᠡᠭ ᠦᠨ ᠶᠠᠮᠤᠨ᠂ ᠨᠢᠳᠧᠷᠯᠠᠨ᠋ᠳ᠋  ᠤᠨ ᠬᠠᠭᠠᠨᠲᠤ ᠤᠯᠤᠰ ᠤᠨ ᠭᠠᠳᠠᠭᠠᠳᠤ ᠬᠡᠷᠡᠭ ᠦᠨ ᠶᠠᠮᠤᠨ ᠬᠣᠭᠣᠷᠣᠨᠳᠣ ᠶᠢᠨ  ᠭᠤᠷᠪᠠᠳᠠᠬᠢ ᠤᠳᠠᠭ᠎ᠠ ᠶᠢᠨ ᠵᠥᠪᠯᠡᠯᠳᠦᠬᠦ ᠠᠭᠤᠯᠵᠠᠯᠲᠠ ᠠᠮᠵᠢᠯᠲᠠ ᠲᠠᠢ ᠪᠣᠯᠤᠭᠰᠠᠨ ᠢ ᠲᠡᠮᠳᠡᠭᠯᠡᠵᠦ᠂ ᠠᠭᠤᠯᠵᠠᠯᠲᠠ ᠪᠠᠷ ᠶᠠᠷᠢᠯᠴᠠᠭᠰᠠᠨ ᠠᠰᠠᠭᠤᠳᠠᠯ ᠢ ᠠᠵᠢᠯ ᠬᠡᠷᠡᠭ ᠪᠣᠯᠭᠠᠬᠤ  ᠪᠠᠷ ᠲᠣᠬᠢᠷᠠᠪᠠ᠃
ᠲᠡᠭᠦᠨᠴᠢᠯᠡᠨ᠂ ᠮᠣᠩᠭᠣᠯ ᠤᠯᠤᠰ ᠤᠨ ᠤᠯᠤᠰ ᠤᠨ ᠶᠡᠬᠡ ᠬᠤᠷᠠᠯ ᠤᠨ ᠮᠣᠩᠭᠣᠯ-ᠨᠢᠳᠧᠷᠯᠠᠨ᠋ᠳ᠋ ᠤᠨ ᠫᠠᠷᠯᠠᠮᠧᠨᠲ ᠤᠨ ᠪᠦᠯᠦᠭ ᠦᠨ ᠭᠡᠰᠢᠭᠦᠳ ᠨᠢᠳᠧᠷᠯᠠᠨ᠋ᠳ᠋ ᠤᠨ ᠬᠠᠭᠠᠨᠲᠤ ᠤᠯᠤᠰ ᠤᠨ ᠫᠠᠷᠯᠠᠮᠧᠨᠲ ᠤᠨ ᠭᠡᠰᠢᠭᠦᠳ ᠲᠡᠢ ᠴᠠᠬᠢᠮ ᠢᠶᠠᠷ ᠬᠢᠬᠦ ᠠᠭᠤᠯᠵᠠᠯᠲᠠ ᠶᠢ ᠬᠡᠷᠡᠭᠵᠢᠭᠦᠯᠬᠦ ᠪᠡᠷ ᠶᠠᠷᠢᠯᠴᠠᠪᠠ᠃

ᠰᠡᠳᠬᠢᠭᠳᠡᠯ ᠦᠯᠡᠳᠡᠭᠡᠬᠦ