ᠣᠯᠠᠨ ᠲᠠᠯᠠᠲᠤ ᠬᠠᠮᠲᠤ ᠶᠢᠨ ᠠᠵᠢᠯᠯᠠᠭᠠᠨ ᠤ ᠨᠢᠭᠡᠴᠡ ᠪᠠᠶᠢᠭᠤᠯᠬᠤ ᠰᠤᠨᠢᠷᠬᠠᠯ ᠢᠶᠠᠨ ᠢᠯᠡᠷᠬᠡᠶᠢᠯᠡᠪᠡ | News.MN

ᠣᠯᠠᠨ ᠲᠠᠯᠠᠲᠤ ᠬᠠᠮᠲᠤ ᠶᠢᠨ ᠠᠵᠢᠯᠯᠠᠭᠠᠨ ᠤ ᠨᠢᠭᠡᠴᠡ ᠪᠠᠶᠢᠭᠤᠯᠬᠤ ᠰᠤᠨᠢᠷᠬᠠᠯ ᠢᠶᠠᠨ ᠢᠯᠡᠷᠬᠡᠶᠢᠯᠡᠪᠡ

ᠤᠯᠤᠰ ᠤᠨ ᠶᠡᠬᠡ ᠬᠤᠷᠠᠯ ᠤᠨ ᠭᠡᠰᠢᠭᠦᠨ᠂ ᠲᠣᠭᠲᠠᠪᠤᠷᠢᠲᠠᠢ ᠬᠥᠭᠵᠢᠯ ᠦᠨ ᠳᠡᠳ᠋ ᠬᠣᠷᠢᠶᠠᠨ ᠤ ᠳᠠᠷᠤᠭ᠎ᠠ ᠬ ∙ ᠪᠤᠯᠠᠭᠠᠨᠲᠤᠶᠠᠭ᠎ᠠ ᠥᠨᠥᠳᠥᠷ ᠠᠽᠢᠶ᠎ᠠ ᠶᠢᠨ ᠬᠥᠭᠵᠢᠯ ᠦᠨ ᠪᠠᠩᠬᠢᠨ ᠤ ᠮᠣᠩᠭᠣᠯ ᠤᠯᠤᠰ ᠳᠠᠬᠢ ᠰᠠᠭᠤᠷᠢᠨ ᠲᠥᠯᠥᠭᠡᠯᠡᠭᠴᠢ ᠨᠣᠶᠠᠨ ᠫᠠᠸᠢᠲ ᠷᠠᠮᠠᠴᠠᠨᠳᠠᠷᠠᠨ ᠢ ᠬᠦᠯᠢᠶᠡᠨ ᠠᠪᠴᠤ ᠠᠭᠤᠯᠵᠠᠯ᠎ᠠ᠃ ᠬ ∙ ᠪᠤᠯᠠᠭᠠᠨᠲᠤᠶᠠᠭ᠎ᠠ ᠴᠠᠷ᠎ᠠ ᠲᠠᠬᠤᠯ ᠤᠨ ᠦᠶ᠎ᠡ ᠳᠦ ᠠᠽᠢᠶ᠎ᠠ ᠶᠢᠨ ᠬᠥᠭᠵᠢᠯ ᠦᠨ ᠪᠠᠩᠬᠢᠨ ᠠᠴᠠ ᠰᠠᠩᠬᠦᠦ ᠶᠢᠨ ᠳᠡᠮᠵᠢᠯᠭᠡ ᠣᠯᠭᠤᠵᠤ ᠪᠠᠶᠢᠭ᠎ᠠ ᠳᠤ ᠲᠠᠯᠠᠷᠬᠠᠯ ᠢᠯᠡᠷᠬᠡᠶᠢᠯᠡᠪᠡ᠃ ᠲᠡᠷᠡᠪᠡᠷ᠂ ᠤᠯᠤᠰ ᠤᠨ ᠶᠡᠬᠡ ᠬᠤᠷᠠᠯ ᠤᠨ ᠲᠣᠭᠲᠠᠪᠤᠷᠢᠲᠠᠢ ᠬᠥᠭᠵᠢᠯ ᠦᠨ ᠳᠡᠳ᠋ ᠬᠣᠷᠢᠶ᠎ᠠ ᠲᠠᠢ ᠢᠵᠢᠯ ᠠᠵᠢᠯ ᠡᠷᠬᠢᠯᠡᠳᠡᠭ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠲᠥᠯᠥᠭᠡᠯᠡᠯ ᠲᠡᠢ ᠠᠭᠤᠯᠵᠠᠵᠤ᠂ ᠤᠯᠤᠰ ᠤᠨ ᠶᠡᠬᠡ ᠬᠤᠷᠠᠯ ᠤᠨ ᠳᠡᠷᠭᠡᠳᠡ ᠳ᠋ᠡᠬᠢ ᠣᠯᠠᠨ ᠲᠠᠯᠠᠲᠤ ᠬᠠᠮᠲᠤ ᠶᠢᠨ ᠠᠵᠢᠯᠯᠠᠭᠠᠨ ᠤ ᠨᠢᠭᠡᠴᠡ ᠪᠠᠶᠢᠭᠤᠯᠬᠤ ᠰᠣᠨᠢᠷᠬᠠᠯᠲᠠᠢ ᠪᠠᠶᠢᠭ᠎ᠠ ᠪᠠᠨ  ᠬᠡᠯᠡᠪᠡ᠃
ᠰᠠᠭᠤᠷᠢᠨ ᠲᠥᠯᠥᠭᠡᠯᠡᠭᠴᠢ ᠫᠠᠸᠢᠲ ᠷᠠᠮᠠᠴᠠᠨᠳᠠᠷᠠᠨ ᠬᠡᠯᠡᠬᠦ ᠳᠦ ᠪᠡᠨ᠂ ᠠᠽᠢᠶ᠎ᠠ ᠶᠢᠨ ᠬᠥᠭᠵᠢᠯ ᠦᠨ ᠪᠠᠩᠬᠢ ᠨᠢ ᠮᠣᠩᠭᠣᠯ ᠤᠯᠤᠰ ᠤᠨ ᠶᠡᠬᠡ ᠬᠤᠷᠠᠯ ᠪᠣᠯᠤᠨ ᠢᠷᠭᠡᠨ ᠦ ᠨᠡᠶᠢᠭᠡᠮ ᠤᠨ ᠲᠥᠯᠥᠭᠡᠯᠡᠯ ᠲᠡᠷᠡ ᠳᠤᠮᠳᠠ ᠪᠠᠨ ᠬᠡᠦᠬᠡᠳ ᠵᠠᠯᠠᠭᠤᠴᠤᠳ ᠬᠣᠭᠣᠷᠣᠨᠳᠣ ᠶᠢᠨ ᠦᠢᠯᠡ ᠠᠵᠢᠯᠯᠠᠭᠠᠨ ᠤ ᠤᠶᠠᠯᠳᠤᠭ᠎ᠠ ᠶᠢ ᠬᠠᠩᠭᠠᠨ ᠠᠵᠢᠯᠯᠠᠬᠤ ᠳᠤ ᠠᠩᠬᠠᠷᠤᠨ᠎ᠠ ᠭᠡᠳᠡᠭ ᠢᠶᠡᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ