ᠰᠤᠷᠤᠭᠴᠢᠳ ᠤᠨ ᠳᠡᠪᠲᠡᠷ ᠭᠠᠷ ᠤᠭᠠᠬᠤ ᠵᠥᠪᠯᠡᠮᠵᠢ ᠲᠠᠢ ᠬᠡᠪᠯᠡᠭᠳᠡᠵᠡᠢ | News.MN

ᠰᠤᠷᠤᠭᠴᠢᠳ ᠤᠨ ᠳᠡᠪᠲᠡᠷ ᠭᠠᠷ ᠤᠭᠠᠬᠤ ᠵᠥᠪᠯᠡᠮᠵᠢ ᠲᠠᠢ ᠬᠡᠪᠯᠡᠭᠳᠡᠵᠡᠢ

ᠳᠡᠯᠡᠬᠡᠢ ᠨᠡᠶᠢᠲᠡ ᠶᠢ ᠬᠠᠮᠤᠷᠤᠭᠰᠠᠨ ᠴᠠᠷ᠎ᠠ ᠲᠠᠬᠤᠯ ᠤᠨ ᠦᠶ᠎ᠡ ᠳᠤ ᠪᠣᠯᠪᠠᠰᠤᠷᠠᠯ ᠤᠨ ᠦᠢᠯᠡᠴᠢᠯᠡᠭᠡᠨ ᠤ ᠲᠡᠰᠦᠷᠡᠯᠳᠠ ᠦᠭᠡᠢ ᠪᠠᠶᠢᠳᠠᠯ ᠢ ᠬᠠᠩᠭᠠᠬᠤ ᠵᠣᠷᠢᠯᠭ᠎ᠠ ᠪᠠᠷ ᠢᠷᠡᠬᠦ ᠬᠢᠴᠢᠶᠡᠯ ᠤᠨ ᠵᠢᠯ ᠳᠤ ᠴᠡᠴᠡᠷᠯᠢᠭ᠂ ᠶᠡᠷᠦᠩᠬᠡᠶ ᠪᠣᠯᠪᠠᠰᠤᠷᠠᠯ ᠤᠨ ᠰᠤᠷᠭᠠᠭᠤᠯᠢ ᠶᠢᠨ ᠦᠶᠯᠡ ᠠᠵᠢᠯᠯᠠᠭ᠎ᠠ ᠶᠢ ᠡᠬᠢᠯᠡᠭᠦᠯᠬᠦ ᠪᠠᠷ ᠪᠡᠯᠡᠦᠡᠭᠡᠯ ᠠᠵᠢᠯ ᠢ ᠬᠠᠩᠭᠠᠵᠤ ᠪᠠᠶᠢᠨ᠎ᠡ᠃ ᠪᠠᠭ᠎ᠠ ᠠᠩᠭᠢ ᠶᠢᠨ ᠰᠤᠷᠤᠭᠴᠢᠳ ᠲᠤ ᠵᠣᠷᠢᠭᠤᠯᠵᠤ ᠬᠠᠯᠳᠠᠪᠤᠷᠢᠲᠤ ᠡᠪᠡᠳᠴᠢᠨ ᠠᠴᠠ ᠤᠷᠢᠳᠴᠢᠯᠠᠨ ᠰᠡᠷᠭᠡᠶᠢᠯᠡᠬᠦ ᠬᠠᠮᠤᠬ ᠤᠨ ᠡᠩ ᠤᠨ ᠳᠠᠳᠤᠯ ᠵᠤᠷᠰᠢᠯ ᠪᠣᠯᠬᠤ ᠭᠠᠷ ᠤᠭᠠᠬᠤ ᠳᠠᠷᠠᠭᠠᠯᠠᠯ᠂ ᠵᠢᠭᠠᠪᠤᠷᠢ ᠵᠥᠪᠯᠡᠮᠵᠢ ᠶᠢ ᠰᠤᠷᠤᠭᠴᠢ ᠶᠢᠨ ᠳᠡᠪᠲᠡᠷ ᠤᠨ ᠬᠠᠪᠲᠠᠰᠤᠨ ᠳᠤ ᠬᠡᠪᠯᠡᠵᠡᠢ᠃
ᠶᠡᠷᠦᠩᠬᠡᠶ ᠪᠣᠯᠪᠠᠰᠤᠷᠠᠯ ᠤᠨ ᠰᠤᠷᠭᠠᠭᠤᠯᠢ ᠶᠢᠨ ᠰᠤᠷᠤᠯᠴᠠᠭᠴᠢᠳ ᠲᠤ ᠵᠣᠷᠢᠭᠤᠯᠤᠭᠰᠠᠨ  ᠡᠨᠡ ᠬᠦ ᠵᠢᠷᠤᠭᠲᠤ ᠬᠠᠭᠤᠳᠠᠰᠤ ᠶᠢ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠬᠡᠦᠬᠡᠳ ᠤᠨ ᠰᠠᠩ ᠤᠨ ᠳᠡᠮᠵᠢᠯᠭᠡ ᠲᠠᠢ ᠪᠠᠷ ︽ᠤᠯᠠᠭᠠᠨᠪᠠᠭᠠᠲᠤᠷ  ᠫᠷᠢᠨᠲ︾ᠺᠤᠮᠫᠠᠨᠢ ᠨᠡᠶᠢᠭᠡᠮ ᠤᠨ ᠬᠠᠷᠢᠭᠤᠴᠠᠯᠭ᠎ᠠ ᠶᠢᠨ ᠬᠦᠷᠢᠶᠡᠨ ᠳᠤ ᠰᠤᠷᠤᠭᠴᠢ ᠶᠢᠨ ᠳᠡᠪᠲᠡᠷ ᠲᠡᠭᠡᠨ ᠬᠡᠪᠯᠡᠨ ᠬᠠᠮᠲᠤᠷᠠᠨ ᠠᠵᠢᠯᠯᠠᠭᠰᠠᠨ ᠪᠠᠶᠢᠨ᠎ᠡ᠃ ᠤᠭ ᠳᠡᠪᠲᠡᠷ ᠢ ᠪᠠᠭ᠎ᠠ ᠠᠩᠭᠢ ᠶᠢᠨ ᠰᠤᠷᠤᠭᠴᠢᠳ ᠲᠤ ᠵᠣᠷᠢᠭᠤᠯᠤᠨ ᠬᠢᠴᠢᠶᠡᠯ ᠢᠶᠠᠨ ᠥᠩᠭᠡ ᠪᠠᠷ ᠢᠯᠭᠠᠬᠤ ᠪᠣᠯᠣᠮᠵᠢ ᠲᠠᠢ ᠤᠯᠠᠪᠤᠷ ᠰᠢᠷ᠎ᠠ᠂ ᠨᠣᠭᠤᠭᠠᠨ᠂ ᠴᠡᠩᠭᠡᠷ ᠥᠩᠭᠡ ᠶᠢᠨ ᠬᠠᠪᠲᠠᠰᠤ ᠲᠠᠢ ᠬᠡᠪᠯᠡᠵᠡᠢ᠃

ᠰᠡᠳᠬᠢᠭᠳᠡᠯ ᠦᠯᠡᠳᠡᠭᠡᠬᠦ