ᠮᠣᠩᠭᠤᠯ ᠤᠯᠤᠰ ᠲᠤ ᠡᠨᠡ ᠣᠨ ᠤ ᠡᠬᠢᠨ ᠤ 7 ᠰᠠᠷ᠎ᠠ ᠳᠤ ᠠᠭᠠᠷ ᠢᠶᠠᠷ 2.3 ᠮᠢᠩᠭᠠᠨ ᠲᠣᠨ ᠠᠴᠢᠶ᠎ᠠ ᠲᠡᠭᠡᠭᠡᠪᠦᠷᠢᠯᠡᠭᠰᠡᠨ ᠨᠢ ᠡᠮᠦᠨᠡᠬᠢ ᠣᠨ ᠤ ᠮᠦᠠ ᠦᠶ᠎ᠡ ᠠᠴᠠ 710.5︵44.4 ᠬᠤᠪᠢ︶ᠲᠣᠨ ᠢᠶᠠᠷ ᠨᠡᠮᠡᠭᠳᠡᠵᠡᠢ᠃ ᠠᠭᠠᠷ ᠢᠶᠠᠷ ᠮᠦᠠ ᠬᠤᠭᠤᠴᠠᠭᠠᠨ ᠳᠤ ᠳᠣᠲᠣᠭᠠᠳᠤ ᠳᠤ 8.8︵0.4 ᠬᠤᠪᠢ︶ᠲᠣᠨ ᠠᠴᠢᠶ᠎ᠠ ᠲᠡᠭᠡᠭᠡᠭᠰᠡᠨ ᠨᠢ ᠡᠮᠦᠨᠡᠬᠢ ᠣᠨ ᠤ ᠮᠦᠠ ᠦᠶ᠎ᠡ ᠠᠴᠠ 38.2︵81.3 ᠬᠤᠪᠢ︶ᠲᠣᠨ ᠢᠶᠠᠷ ᠪᠠᠭᠠᠰᠤᠭᠰᠠᠨ ᠪᠠᠶᠢᠨ᠎ᠡ᠃
ᠬᠠᠷᠢᠨ ᠣᠯᠠᠨ ᠤᠯᠤᠰ ᠲᠤ ᠲᠡᠭᠡᠭᠡᠭᠰᠡᠨ ᠠᠴᠢᠶ᠎ᠠ 2.3︵99.6 ᠬᠤᠪᠢ︶ᠮᠢᠩᠭᠠᠨ ᠲᠣᠨ ᠪᠣᠯᠵᠤ᠂ ᠡᠮᠦᠨᠡᠬᠢ ᠣᠨ ᠤ ᠮᠦᠠ ᠦᠶ᠎ᠡ ᠠᠴᠠ 748.7︵48.2 ᠬᠤᠪᠢ︶ᠲᠣᠨ ᠢᠶᠠᠷ ᠨᠡᠮᠡᠭᠳᠡᠯ᠎ᠡ᠃ ᠠᠭᠠᠷ ᠤᠨ ᠲᠡᠭᠡᠭᠡᠪᠦᠷᠢ ᠪᠠᠷ ᠲᠡᠭᠡᠭᠡᠭᠰᠡᠨ ᠠᠴᠢᠶ᠎ᠠ ᠡᠨᠡ ᠣᠨ ᠤ ᠳᠣᠯᠣᠳᠤᠭᠠᠷ ᠰᠠᠷ᠎ᠠ ᠳᠤ 370.8 ᠲᠣᠨ ᠪᠣᠯᠵᠤ᠂ ᠡᠮᠦᠨᠡᠬᠢ
ᠰᠠᠷ᠎ᠠ ᠠᠴᠠ 18.7︵5. 3 ᠬᠤᠪᠢ︶ᠲᠣᠨ ᠢᠶᠠᠷ ᠨᠡᠮᠡᠭᠳᠡᠭᠰᠡᠨ ᠢ ᠦᠨᠳᠦᠰᠦᠨ ᠤ ᠰᠲ᠋ᠠᠲ᠋ᠢᠰᠲ᠋ᠢᠺ ᠤᠨ
ᠬᠤᠷᠢᠶ᠎ᠠ ᠮᠡᠳᠡᠭᠡᠯᠡᠪᠡ᠃