ᠤ᠊ ·ᠬᠦᠷᠡᠯᠰᠦ᠋ᠬᠡ ᠳᠤ ᠠᠽᠢᠶ᠎ᠠ ᠶᠢᠨ ᠬᠥᠭᠵᠢᠯ ᠤᠨ ᠪᠠᠩᠬᠢᠨ ᠤ ᠲᠥᠯᠦᠭᠡᠯᠡᠭᠴᠢᠳ ᠪᠠᠷᠠᠭᠠᠯᠠᠬᠠᠪᠠ | News.MN

ᠤ᠊ ·ᠬᠦᠷᠡᠯᠰᠦ᠋ᠬᠡ ᠳᠤ ᠠᠽᠢᠶ᠎ᠠ ᠶᠢᠨ ᠬᠥᠭᠵᠢᠯ ᠤᠨ ᠪᠠᠩᠬᠢᠨ ᠤ ᠲᠥᠯᠦᠭᠡᠯᠡᠭᠴᠢᠳ ᠪᠠᠷᠠᠭᠠᠯᠠᠬᠠᠪᠠ

ᠮᠣᠩᠭᠤᠯ ᠤᠯᠤᠰ ᠤᠨ ᠶᠡᠷᠦᠩᠬᠡᠶᠢᠯᠡᠭᠴᠢ ᠤ᠊ ·ᠬᠦᠷᠡᠯᠰᠦ᠋ᠬᠡ ᠳᠤ ᠠᠽᠢᠶ᠎ᠠ ᠶᠢᠨ ᠬᠥᠭᠵᠢᠯ ᠤᠨ ᠪᠠᠩᠬᠢ  ᠶᠢᠨ ᠰᠠᠭᠤᠷᠢᠨ ᠲᠥᠯᠦᠭᠡᠯᠡᠭᠴᠢ ᠲᠡᠷᠢᠭᠦᠲᠡᠢ ᠲᠥᠯᠦᠭᠡᠯᠡᠭᠴᠢᠳ ᠪᠠᠷᠠᠭᠠᠯᠠᠬᠠᠯ᠎ᠠ᠃ ᠮᠣᠩᠭᠤᠯ ᠤᠯᠤᠰ ᠪᠤᠯᠦᠠ ᠠᠽᠢ ᠶᠢᠨ ᠬᠥᠭᠵᠢᠯ ᠤᠨ ᠪᠠᠩᠬᠢ ᠬᠠᠮᠲᠤᠷᠠᠵᠤ ᠠᠵᠢᠯᠯᠠᠭᠰᠠᠨ ᠤ 30 ᠵᠢᠯ ᠤᠨ ᠣᠶ ᠡᠨᠡ ᠣᠨ ᠳᠤ ᠲᠣᠬᠢᠶᠠᠵᠤ ᠪᠠᠶᠢᠭ᠎ᠠ ᠪᠥᠭᠡᠳ ᠡᠨᠡ ᠬᠤᠭᠤᠴᠠᠭᠠᠨ ᠳᠤ ᠰᠠᠩᠬᠦᠦ᠂ ᠳᠡᠳ᠋ ᠪᠦᠲᠦᠴᠡ᠂ ᠬᠤᠳᠠ ᠲᠥᠯᠥᠪᠯᠡᠯᠲᠡ ᠭᠡᠳ ᠣᠯᠠᠨ ᠰᠠᠯᠪᠤᠷᠢ ᠳᠤ ᠨᠡᠶᠢᠲᠡ ᠭᠤᠷᠪᠠᠨ ᠲᠡᠷᠪᠤᠮ ᠭᠠᠷᠦᠢ ᠳ᠋ᠣᠯᠯᠠᠷ ᠤᠨ ᠲᠥᠰᠥᠯ᠂ ᠬᠥᠲᠥᠯᠪᠦᠷᠢ ᠬᠡᠷᠡᠭᠵᠢᠭᠦᠯᠦᠭᠰᠡᠨ ᠳᠤ ᠶᠡᠷᠦᠩᠬᠡᠶᠢᠯᠡᠭᠴᠢ ᠤ᠊ · ᠬᠦᠷᠡᠯᠰᠦ᠋ᠬᠡ ᠲᠠᠯᠠᠷᠬᠠᠯ ᠢᠯᠡᠷᠬᠡᠢᠯᠡᠪᠡ᠃

ᠮᠣᠩᠭᠤᠯ ᠤᠯᠤᠰ ᠢᠷᠡᠬᠦ ᠵᠢᠯ ᠤᠳ ᠲᠤ ᠬᠠᠯᠠᠮᠵᠢ ᠠᠴᠠ ᠬᠥᠳᠡᠯᠮᠦᠷᠢ ᠳᠤ᠂ ᠣᠯᠪᠤᠷᠢᠯᠠᠯᠲᠠ ᠠᠴᠠ ᠪᠣᠯᠪᠠᠰᠤᠷᠠᠭᠤᠯᠤᠯᠲᠠ ᠳᠤ᠂ ᠢᠮᠫᠣᠷᠲ ᠠᠴᠠ ᠡᠺᠰᠫᠣᠷᠲ ᠲᠤ ᠰᠢᠯᠵᠢᠬᠦ ᠵᠡᠷᠭᠡ ᠨᠡᠶᠢᠭᠡᠮ᠂ ᠡᠳ᠋ ᠤᠨ ᠵᠠᠰᠠᠭ ᠤᠨ ᠰᠠᠭᠤᠷᠢ ᠰᠢᠨᠡᠴᠢᠯᠡᠯ ᠤᠳ ᠢ ᠬᠡᠷᠡᠭᠵᠢᠭᠦᠯᠬᠦ ᠳᠤ ᠠᠽᠢ ᠶᠢᠨ ᠬᠥᠭᠵᠢᠯ ᠤᠨ ᠪᠠᠩᠬᠢ ᠳᠡᠮᠵᠢᠯᠭᠡ ᠦᠵᠡᠭᠦᠯᠵᠦ᠂ ᠬᠠᠮᠲᠤᠷᠠᠨ ᠠᠵᠢᠯᠯᠠᠨ᠎ᠠ᠃  ᠠᠽᠢ ᠶᠢᠨ ᠬᠥᠭᠵᠢᠯ ᠤᠨ ᠪᠠᠩᠭᠢᠨ ᠤ ᠵᠠᠬᠢᠷᠤᠯ ᠤᠳ ᠤᠨ ᠵᠥᠪᠯᠡᠯ ᠢᠶᠠᠷ ᠬᠡᠯᠡᠯᠴᠡᠨ ᠪᠡᠳᠦᠯᠡᠬᠤ 2021 – 2024 ᠣᠨ ᠳᠤ ᠮᠣᠩᠭᠤᠯ ᠤᠯᠤᠰ ᠲᠠᠢ ᠬᠠᠮᠲᠤᠷᠠᠨ ᠠᠵᠢᠯᠯᠠᠬᠤ ᠪᠣᠳᠣᠯᠭ᠎ᠠ ᠶᠢᠨ ᠲᠡᠷᠢᠭᠦᠯᠡᠬᠦ ᠴᠢᠭᠯᠡᠯ ᠤᠳ  ᠲᠠᠢ ᠶᠡᠷᠦᠩᠬᠡᠶᠢᠯᠡᠭᠴᠢ ᠶᠢᠨ ᠳᠤᠷᠠᠳᠤᠭᠰᠠᠨ ᠰᠢᠨᠡᠴᠢᠯᠡᠯ ᠤᠳ ᠤᠶᠠᠯᠳᠤᠵᠤ ᠪᠠᠶᠢᠭ᠎ᠠ ᠶᠢ ᠣᠨᠴᠠᠯᠠᠯ᠎ᠠ᠃

ᠰᠡᠳᠬᠢᠭᠳᠡᠯ ᠦᠯᠡᠳᠡᠭᠡᠬᠦ