ᠴᠢᠯᠦᠭᠡᠲᠦ ᠬᠤᠳᠠᠯᠳᠤᠭᠠᠨ ᠤ ᠬᠡᠯᠡᠯᠴᠡᠭᠡᠷ ᠪᠠᠶᠢᠭᠤᠯᠬᠤ ᠪᠠᠷ ᠰᠤᠳᠤᠯᠵᠤ ᠪᠠᠶᠢᠨ᠎ᠠ | News.MN

ᠴᠢᠯᠦᠭᠡᠲᠦ ᠬᠤᠳᠠᠯᠳᠤᠭᠠᠨ ᠤ ᠬᠡᠯᠡᠯᠴᠡᠭᠡᠷ ᠪᠠᠶᠢᠭᠤᠯᠬᠤ ᠪᠠᠷ ᠰᠤᠳᠤᠯᠵᠤ ᠪᠠᠶᠢᠨ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠤ᠊∙ᠬᠦᠷᠡᠯᠰᠦ᠋ᠬᠡ ᠥᠴᠥᠭᠡᠳᠦᠷ ᠳᠣᠷᠣᠨ᠎ᠠ ᠶᠢᠨ ᠡᠳ᠋  ᠦᠨ ᠵᠠᠰᠠᠭ ᠤᠨ ᠴᠢᠭᠤᠯᠭᠠᠨ ᠳᠤ ᠴᠠᠬᠢᠮ ᠢᠶᠠᠷ ᠣᠷᠣᠯᠴᠠᠵᠤ ᠦᠭᠡ ᠬᠡᠯᠡᠭᠰᠡᠨ ᠪᠢᠯᠡ᠃  ᠲᠡᠷᠡ ᠄ ᠮᠣᠩᠭᠣᠯ ᠤᠯᠤᠰ ᠡᠸᠦ᠋ᠷᠤ᠋ ᠠᠽᠢ ᠶᠢᠨ ᠡᠳ᠋  ᠦᠨ ᠵᠠᠰᠠᠭ ᠤᠨ ᠬᠣᠯᠪᠣᠭ᠎ᠠ ᠲᠠᠢ ᠴᠢᠯᠦᠭᠡᠲᠦ ᠬᠤᠳᠠᠯᠳᠤᠭᠠᠨ ᠤ ᠭᠡᠷ᠎ᠡ ᠪᠠᠶᠢᠭᠤᠯᠬᠤ ᠪᠣᠯᠤᠮᠵᠢ ᠶᠢ ᠰᠤᠳᠤᠯᠵᠤ ᠪᠠᠶᠢᠨ᠎ᠠ ᠭᠡᠵᠦ ᠬᠡᠯᠡᠭᠰᠡᠨ ᠨᠢ ᠣᠯᠠᠨ ᠤᠯᠤᠰ ᠤᠨ ᠠᠩᠬᠠᠷᠤᠯ ᠢ ᠲᠠᠲᠠᠯ᠎ᠠ᠃

ᠮᠣᠩᠭᠣᠯ ᠤᠯᠤᠰ ᠡᠸᠦ᠋ᠷᠤ᠋ ᠠᠽᠢ ᠶᠢᠨ ᠡᠳ᠋  ᠦᠨ ᠵᠠᠰᠠᠭ ᠤᠨ ᠬᠣᠯᠪᠣᠭ᠎ᠠ ᠲᠠᠢ ᠬᠠᠮᠲᠤ ᠶᠢᠨ ᠠᠵᠢᠯᠯᠠᠭ᠎ᠠ ᠪᠠᠨ ᠥᠷᠭᠡᠵᠢᠭᠦᠯᠬᠦ ᠳᠦ ᠦᠷᠭᠦᠯᠵᠢ ᠠᠩᠬᠠᠷᠴᠤ ᠢᠷᠡᠭᠰᠡᠨ᠃ ᠪᠢᠳᠡ ᠴᠢᠯᠦᠭᠡᠲᠦ ᠬᠤᠳᠠᠯᠳᠤᠭᠠᠨ ᠤ ᠭᠡᠷ᠎ᠡ ᠪᠠᠶᠢᠭᠤᠯᠬᠤ ᠪᠣᠯᠤᠮᠵᠢ ᠶᠢ ᠰᠤᠳᠤᠯᠵᠤ ᠪᠠᠶᠢᠨ᠎ᠠ᠃ ᠡᠨᠡ ᠬᠦ ᠭᠡᠷ᠎ᠡ ᠪᠠᠶᠢᠭᠤᠯᠤᠭᠳᠠᠪᠠᠯ ᠭᠠᠳᠠᠭᠠᠳᠤ ᠬᠤᠳᠠᠯᠳᠤᠭᠠᠨ ᠤ ᠬᠤᠳᠠᠯᠳᠤᠭᠠᠨ ᠤ ᠰᠠᠭᠠᠳ ᠢ ᠠᠷᠢᠯᠭᠠᠬᠤ ᠳᠦ ᠴᠢᠬᠤᠯᠠ ᠡᠭᠦᠷᠭᠡ ᠭᠦᠢᠴᠡᠳᠭᠡᠵᠦ ᠴᠢᠳᠠᠨ᠎ᠠ ᠭᠡᠵᠦ ᠤ᠊∙ᠬᠦᠷᠡᠯᠰᠦ᠋ᠬᠡ ᠬᠡᠯᠡᠵᠡᠢ᠃

ᠰᠡᠳᠬᠢᠭᠳᠡᠯ ᠦᠯᠡᠳᠡᠭᠡᠬᠦ